ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠵᠤ ᠬᠤᠲᠠ ᠶᠢᠨ ᠲᠠᠰ ᠤᠨ ᠳᠠᠭᠠᠭᠠᠨ ᠬᠠᠷᠢᠭᠤᠴᠠᠯᠭ᠎ᠠ ᠪᠣᠯᠣᠨ ᠪᠠᠶᠢᠴᠠᠭᠠᠨ ᠰᠤᠳᠤᠯᠵᠤ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/22
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠤᠭᠤᠲᠤ ᠶᠢᠨ ᠬᠤᠯᠪᠣᠭ᠎ᠠ ᠶᠢᠨ ᠠᠵᠢᠯᠯᠠᠬᠤ ᠳᠤᠭᠤᠶᠢᠯᠠᠩ ᠤᠨ ᠳᠠᠷᠤᠭ᠎ᠠ ᠵᠣᠣ ᠳ᠋ᠠ ᠹᠦ᠋᠂ ᠬᠤᠰᠢᠭᠤᠨ ᠤ ᠳᠥᠷᠪᠡᠨ ᠶᠡᠭᠡ ᠪᠠᠭ ᠤᠨ ᠭᠡᠰᠢᠭᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
20241122-1-1.jpg
     ᠬᠤᠷᠠᠯ ᠳᠡᠭᠡᠷ᠎ᠡ ᠪᠦᠭᠦ ᠬᠤᠰᠢᠭᠤᠨ ᠤ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠬᠤ ᠪᠠ ︽ᠮᠠᠩᠯᠠᠢ︾ ᠵᠠᠭᠪᠤᠷ᠂ ︽ᠨᠢᠭᠡᠳᠦᠯᠲᠡᠢ ᠠᠷᠠᠴᠢᠯᠠᠨ ᠬᠠᠮᠲᠤ ᠪᠠᠷ ᠪᠠᠶᠠᠵᠢᠬᠤ︾ ᠲᠤᠷᠰᠢᠯᠲᠠ ᠶᠢᠨ ᠴᠢᠭ᠋ ᠤᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠵᠣᠣ ᠳ᠋ᠠ ᠹᠦ᠋ ᠵᠢᠭᠠᠵᠤ ᠭᠠᠷᠭᠠᠭᠰᠠᠨ ᠨᠢ᠂ ᠣᠳᠣᠬᠠᠨ ᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠨᠠᠩ ᠰᠡᠷᠭᠡᠭ ᠢᠶᠠᠷ ᠲᠠᠨᠢᠵᠤ᠂ ᠬᠠᠷᠢᠭᠤᠴᠠᠯᠭᠠᠲᠤ ᠤᠬᠠᠮᠰᠠᠷ ᠢᠶᠠᠨ ᠳᠡᠭᠡᠭᠰᠢᠯᠡᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠢᠳᠡᠪᠬᠢᠵᠢᠯ ᠬᠡᠷᠡᠭᠲᠡᠢ ᠭᠡᠵᠡᠢ᠃ ᠸᠠᠩ ᠵᠢᠶᠦ᠋ᠨ ᠴᠢᠬᠤᠯᠠᠴᠢᠯᠠᠬᠤ ᠳᠠᠭᠠᠨ᠂ ᠬᠤᠲᠠ ᠶᠢᠨ ᠳᠡᠰ ᠤᠨ ᠳᠠᠭᠠᠭᠠᠨ ᠬᠠᠷᠢᠭᠤᠴᠠᠯᠭ᠎ᠠ ᠶᠢᠨ ᠠᠵᠢᠯ ᠤᠨ ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨ ᠤ ᠵᠢᠯᠤᠭᠤᠳᠬᠤ ᠰᠠᠨᠠᠯ ᠤᠳ ᠢᠶᠠᠷ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠪᠠᠷᠢᠮᠲᠠᠯᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠷᠭ᠎ᠠ ᠲᠥᠰᠥᠯ ᠢᠶᠠᠨ ᠨᠠᠷᠢᠯᠢᠭᠵᠢᠭᠤᠯᠤᠨ᠂ ᠠᠵᠢᠯ ᠢᠶᠠᠨ ᠲᠣᠭᠠᠵᠢᠭᠤᠯᠵᠤ᠂ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠣᠯᠣᠨ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ᠂ ᠠᠰᠢᠭᠯᠠᠵᠤ ᠪᠣᠯᠬᠤ ᠡᠬᠢ ᠪᠠᠶᠠᠯᠢᠭ ᠡᠳ᠋ ᠬᠥᠷᠥᠩᠭᠡ ᠶᠢ ᠤᠯᠠᠮ ᠨᠢᠭᠡ ᠠᠯᠬᠤᠮ ᠢᠳᠡᠪᠵᠢᠵᠢᠭᠦᠯᠦᠨ᠂ ᠳᠠᠪᠠᠭᠤᠯᠢᠭ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠣᠯᠠᠨ ᠠᠵᠤ ᠦᠢᠯᠡᠰ ᠤᠨ ᠬᠠᠮᠵᠢᠯᠴᠠᠨ ᠬᠥᠭᠵᠢᠬᠦ ᠪᠠ ᠰᠢᠨ᠎ᠡ ᠶᠢ ᠡᠭᠦᠳᠬᠦ ᠰᠢᠪᠲᠤᠯᠤᠯᠲᠠ ᠶᠢ ᠪᠡᠶᠡᠯᠡᠭᠦᠯᠦᠨ᠂ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠮᠠᠯᠵᠢᠬᠤ ᠣᠷᠣᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠪᠠ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠳᠣᠲᠣᠭᠠᠳᠤ ᠬᠥᠳᠡᠯᠭᠡᠬᠦ ᠬᠦᠴᠦᠨ ᠢ ᠦᠨᠡᠨᠬᠦ ᠬᠥᠭᠵᠢᠭᠡᠨ᠎ᠡ᠃     ᠪᠣᠯᠪᠠᠰᠤᠷᠠᠭᠤᠯᠤᠯ ᠤᠨ ᠳᠤᠮᠳᠠ᠂ ᠬᠥᠯᠥᠨ ᠪᠤᠶᠢᠷ ᠬᠤᠲᠠ ᠶᠢᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠫᠷᠤᠹᠧᠰᠰᠤᠷ ᡁᠢ ᠬᠤᠸᠠ ︽ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ︾ ᠥᠭᠡᠷᠡᠴᠢᠯᠡᠯᠲᠡ ᠶᠢᠨ ᠰᠡᠳᠦᠪ ᠢᠶᠠᠷ ᠭᠤᠣᠯ ᠰᠡᠳᠦᠪ ᠪᠣᠯᠭᠠᠵᠤ᠂ ᠲᠤᠰᠬᠠᠢ ᠰᠡᠳᠦᠪᠲᠦ ᠲᠠᠶᠢᠯᠤᠮᠵᠢ ᠪᠣᠯᠪᠠᠰᠤᠷᠠᠭᠤᠯᠤᠯ ᠬᠢᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠠᠬᠢᠭᠤᠯᠬᠤ ᠳᠤ ᠠᠵᠢᠯ ᠤᠨ ᠰᠡᠳᠬᠢᠮᠵᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠯᠠᠪᠯᠠᠯᠲᠠ ᠬᠠᠩᠭᠠᠪᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ