ᠸᠠᠩ ᠵᠢᠶᠦ᠋ᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠵᠢᠯᠤᠭᠤᠳᠬᠤ ᠭᠠᠵᠠᠷ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/26
       11 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠢᠰᠲ᠋ᠧᠮ ᠤᠨ ᠬᠢᠨ‌ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠵᠢᠯᠤᠭᠤᠳᠬᠤ ᠭᠠᠵᠠᠷ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠯᠤᠭᠤᠳᠬᠤ ᠭᠠᠵᠠᠷ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠢ᠃
20241126-1-1.jpg
       ᠬᠤᠷᠠᠯ ᠠᠴᠠ ᠪᠥᠬᠦ ᠬᠤᠰᠢᠭᠤᠨ ᠤ ᠰᠢᠰᠲ᠋ᠧᠮ ᠤᠨ ᠬᠢᠨ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠪᠠᠶᠢᠳᠠᠯ ᠢ ᠵᠠᠷᠯᠠᠨ ᠮᠡᠳᠡᠭᠳᠡᠵᠦ᠂ ᠬᠤᠰᠢᠭᠤᠨ ᠤ ᠬᠤᠯᠪᠣᠭᠳᠠᠯ ᠪᠦᠬᠦᠢ  ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠠᠵᠢᠯ ᠤᠨ ᠡᠭᠦᠷᠭᠡ ᠶᠢᠨ ᠪᠡᠷᠬᠡ ᠬᠠᠲᠠᠭᠤᠵᠢᠯᠲᠠᠢ ᠴᠢᠨᠠᠷ᠂ ᠠᠵᠢᠯ ᠤᠨ ᠴᠠᠭ ᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢᠨ ᠰᠡᠳᠦᠪ ᠢ ᠰᠤᠷᠤᠯᠴᠠᠨ ᠲᠤᠤᠱᠯᠠᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠪᠦᠷᠢᠯᠡᠯ ᠬᠥᠭᠵᠢᠭᠰᠡᠨ᠂   ᠴᠢᠨᠡᠭᠡᠯᠢᠭ ᠠᠮᠢᠳᠤᠷᠠᠯ᠂ ᠰᠠᠶᠢᠨ ᠠᠮᠢ ᠠᠬᠤᠢ ︽ᠭᠤᠷᠪᠠᠨ ᠵᠦᠢᠯ ᠬᠤᠯᠪᠤᠭᠠᠯᠠᠨ ᠬᠥᠳᠡᠯᠦᠯᠴᠡᠬᠦ︾ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃       ᠸᠠᠩ ᠵᠢᠶᠦ᠋ᠨ ᠴᠢᠬᠤᠯᠠᠴᠢᠯᠠᠭᠰᠠᠨ ᠨᠢ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠵᠡᠷᠭᠡ ᠲᠠᠯ᠎ᠠ ᠪᠠᠷ ᠨᠢᠭᠡᠳᠦᠯᠲᠡᠢ ᠲᠥᠯᠥᠪᠯᠡᠨ ᠰᠤᠳᠤᠯᠬᠤ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠦᠨᠳᠦᠰᠦᠨ ᠠᠴᠠ ᠨᠢ ᠦᠨᠡᠨᠬᠦ ᠰᠢᠢᠳᠪᠦᠷᠢᠯᠡᠬᠦ ᠬᠡᠷᠡᠭᠲᠡᠢ᠃ ︽ᠭᠤᠷᠪᠠ ᠶᠢ ᠬᠤᠪᠢᠷᠠᠭᠤᠯᠬᠤ︾ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠬᠤᠪᠢᠰᠤᠯᠲᠠ ᠶᠢᠨ ︽ᠠᠷᠪᠠᠨ ᠵᠦᠢᠯ ᠤᠨ ᠵᠠᠭᠪᠤᠷ︾ ᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠭᠦᠢᠴᠡᠳ ᠬᠡᠷᠡᠭᠯᠡᠨ᠂ ᠮᠠᠯᠵᠢᠬᠤ ᠣᠷᠣᠨ ᠤ ᠡᠬᠢ ᠪᠠᠶᠠᠯᠢᠭ ᠤᠨ ᠬᠦᠴᠦᠨ ᠵᠦᠢᠯ ᠢ ᠪᠦᠷᠢᠳᠬᠡᠨ ᠨᠢᠭᠡᠳᠬᠡᠵᠦ᠂ ᠮᠠᠯᠴᠢᠳ ᠢ ᠬᠥᠲᠥᠯᠥᠨ ᠵᠢᠯᠤᠭᠤᠳᠴᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠬᠤᠪᠢ ᠣᠷᠣᠭᠤᠯᠵᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠦᠢᠯᠡᠳᠪᠦᠷᠢᠯᠡᠯ᠂ ᠬᠠᠩᠭᠠᠨ ᠪᠣᠷᠤᠯᠠᠭᠤᠯᠭ᠎ᠠ᠂ ᠢᠲᠡᠭᠡᠮᠵᠢ ᠵᠡᠷᠭᠡ ᠭᠤᠷᠪᠠᠨ ᠵᠦᠢᠯ ᠤᠨ ᠬᠠᠮᠲᠤᠷᠠᠯᠴᠠᠭ᠎ᠠ ᠪᠠᠷ ᠦᠢᠯᠡᠴᠢᠯᠡᠭᠡᠨ ᠤ ᠠᠭᠤᠯᠭ᠎ᠠ ᠪᠣᠯᠭᠠᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠪᠤᠵᠠᠭᠠᠶᠢᠷᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ᠂ ᠠᠰᠠᠭᠤᠳᠠᠯ ᠳᠤ ᠴᠢᠭᠯᠡᠭᠦᠯᠦᠨ ᠤᠯᠠᠨ ᠲᠦᠮᠡᠨ ᠤ ᠳᠡᠷᠭᠡᠲᠡ ᠣᠴᠢᠵᠤ᠂ ᠤᠯᠠᠨ ᠲᠦᠮᠡᠨ ᠤ ᠰᠠᠨᠠᠯ ᠢ ᠭᠦᠢᠴᠡᠳ ᠬᠤᠷᠢᠶᠠᠵᠤ᠂ ᠮᠠᠯᠴᠢᠨ ᠲᠦᠮᠡᠨ ᠢ ᠦᠨᠡᠨᠬᠦ ᠥᠭᠡᠷᠡᠴᠢᠯᠡᠯᠲᠡ ᠶᠢᠨ ᠪᠠᠶᠢᠳᠠᠯ ᠢ ᠮᠡᠳᠡᠭᠴᠢ᠂ ᠣᠷᠣᠯᠴᠠᠭᠴᠢ᠂ ᠠᠰᠢᠭ ᠬᠦᠷᠳᠡᠭᠴᠢ ᠪᠣᠯᠭᠠᠬᠤ ᠬᠡᠷᠡᠭᠲᠡᠢ᠃ ᠸᠠᠩ ᠵᠢᠶᠦ᠋ᠨ ᠱᠠᠭᠠᠷᠳᠠᠭᠰᠠᠨ ᠨᠢ᠂ ᠵᠢᠯᠤᠭᠤᠳᠬᠤ ᠭᠠᠵᠠᠷ ᠤᠨ ᠨᠢᠭᠡᠳᠦᠯᠲᠡᠢ ᠲᠥᠯᠥᠪᠯᠡᠨ ᠰᠦᠪᠡᠭᠴᠢᠯᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠥᠨᠳᠥᠷ ᠪᠦᠲᠦᠮᠵᠢᠲᠡᠶ ᠪᠠᠷ ᠪᠠᠳᠠᠷᠠᠭᠤᠯᠵᠤ᠂ ᠠᠵᠢᠯ ᠤᠨ ᠪᠠᠶᠢᠳᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠪᠥᠬᠦ ᠬᠦᠴᠦᠨ ᠢᠶᠠᠷ ᠢᠶᠠᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠮᠠᠯ ᠠᠵᠤ ᠠᠬᠤᠢ ᠶᠢᠨ ᠣᠳᠣᠬᠢᠴᠢᠯᠠᠯᠲᠠ ᠪᠠ ᠲᠤᠭᠲᠠᠪᠣᠷᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃       11 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠢᠰᠲ᠋ᠧᠮ ᠤᠨ ᠬᠢᠨ‌ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠵᠢᠯᠤᠭᠤᠳᠬᠤ ᠭᠠᠵᠠᠷ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠯᠤᠭᠤᠳᠬᠤ ᠭᠠᠵᠠᠷ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠢ᠃       ᠬᠤᠷᠠᠯ ᠠᠴᠠ ᠪᠥᠬᠦ ᠬᠤᠰᠢᠭᠤᠨ ᠤ ᠰᠢᠰᠲ᠋ᠧᠮ ᠤᠨ ᠬᠢᠨ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠪᠠᠶᠢᠳᠠᠯ ᠢ ᠵᠠᠷᠯᠠᠨ ᠮᠡᠳᠡᠭᠳᠡᠵᠦ᠂ ᠬᠤᠰᠢᠭᠤᠨ ᠤ ᠬᠤᠯᠪᠣᠭᠳᠠᠯ ᠪᠦᠬᠦᠢ  ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃  ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠠᠵᠢᠯ ᠤᠨ ᠡᠭᠦᠷᠭᠡ ᠶᠢᠨ ᠪᠡᠷᠬᠡ ᠬᠠᠲᠠᠭᠤᠵᠢᠯᠲᠠᠢ ᠴᠢᠨᠠᠷ᠂ ᠠᠵᠢᠯ ᠤᠨ ᠴᠠᠭ ᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢᠨ ᠰᠡᠳᠦᠪ ᠢ ᠰᠤᠷᠤᠯᠴᠠᠨ ᠲᠤᠤᠱᠯᠠᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠪᠦᠷᠢᠯᠡᠯ ᠬᠥᠭᠵᠢᠭᠰᠡᠨ᠂   ᠴᠢᠨᠡᠭᠡᠯᠢᠭ ᠠᠮᠢᠳᠤᠷᠠᠯ᠂ ᠰᠠᠶᠢᠨ ᠠᠮᠢ ᠠᠬᠤᠢ ︽ᠭᠤᠷᠪᠠᠨ ᠵᠦᠢᠯ ᠬᠤᠯᠪᠤᠭᠠᠯᠠᠨ ᠬᠥᠳᠡᠯᠦᠯᠴᠡᠬᠦ︾ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃       ᠸᠠᠩ ᠵᠢᠶᠦ᠋ᠨ ᠴᠢᠬᠤᠯᠠᠴᠢᠯᠠᠭᠰᠠᠨ ᠨᠢ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠵᠡᠷᠭᠡ ᠲᠠᠯ᠎ᠠ ᠪᠠᠷ ᠨᠢᠭᠡᠳᠦᠯᠲᠡᠢ ᠲᠥᠯᠥᠪᠯᠡᠨ ᠰᠤᠳᠤᠯᠬᠤ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠦᠨᠳᠦᠰᠦᠨ ᠠᠴᠠ ᠨᠢ ᠦᠨᠡᠨᠬᠦ ᠰᠢᠢᠳᠪᠦᠷᠢᠯᠡᠬᠦ ᠬᠡᠷᠡᠭᠲᠡᠢ᠃ ︽ᠭᠤᠷᠪᠠ ᠶᠢ ᠬᠤᠪᠢᠷᠠᠭᠤᠯᠬᠤ︾ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠬᠤᠪᠢᠰᠤᠯᠲᠠ ᠶᠢᠨ ︽ᠠᠷᠪᠠᠨ ᠵᠦᠢᠯ ᠤᠨ ᠵᠠᠭᠪᠤᠷ︾ ᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠭᠦᠢᠴᠡᠳ ᠬᠡᠷᠡᠭᠯᠡᠨ᠂ ᠮᠠᠯᠵᠢᠬᠤ ᠣᠷᠣᠨ ᠤ ᠡᠬᠢ ᠪᠠᠶᠠᠯᠢᠭ ᠤᠨ ᠬᠦᠴᠦᠨ ᠵᠦᠢᠯ ᠢ ᠪᠦᠷᠢᠳᠬᠡᠨ ᠨᠢᠭᠡᠳᠬᠡᠵᠦ᠂ ᠮᠠᠯᠴᠢᠳ ᠢ ᠬᠥᠲᠥᠯᠥᠨ ᠵᠢᠯᠤᠭᠤᠳᠴᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠬᠤᠪᠢ ᠣᠷᠣᠭᠤᠯᠵᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠦᠢᠯᠡᠳᠪᠦᠷᠢᠯᠡᠯ᠂ ᠬᠠᠩᠭᠠᠨ ᠪᠣᠷᠤᠯᠠᠭᠤᠯᠭ᠎ᠠ᠂ ᠢᠲᠡᠭᠡᠮᠵᠢ ᠵᠡᠷᠭᠡ ᠭᠤᠷᠪᠠᠨ ᠵᠦᠢᠯ ᠤᠨ ᠬᠠᠮᠲᠤᠷᠠᠯᠴᠠᠭ᠎ᠠ ᠪᠠᠷ ᠦᠢᠯᠡᠴᠢᠯᠡᠭᠡᠨ ᠤ ᠠᠭᠤᠯᠭ᠎ᠠ ᠪᠣᠯᠭᠠᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠪᠤᠵᠠᠭᠠᠶᠢᠷᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ᠂ ᠠᠰᠠᠭᠤᠳᠠᠯ ᠳᠤ ᠴᠢᠭᠯᠡᠭᠦᠯᠦᠨ ᠤᠯᠠᠨ ᠲᠦᠮᠡᠨ ᠤ ᠳᠡᠷᠭᠡᠲᠡ ᠣᠴᠢᠵᠤ᠂ ᠤᠯᠠᠨ ᠲᠦᠮᠡᠨ ᠤ ᠰᠠᠨᠠᠯ ᠢ ᠭᠦᠢᠴᠡᠳ ᠬᠤᠷᠢᠶᠠᠵᠤ᠂ ᠮᠠᠯᠴᠢᠨ ᠲᠦᠮᠡᠨ ᠢ ᠦᠨᠡᠨᠬᠦ ᠥᠭᠡᠷᠡᠴᠢᠯᠡᠯᠲᠡ ᠶᠢᠨ ᠪᠠᠶᠢᠳᠠᠯ ᠢ ᠮᠡᠳᠡᠭᠴᠢ᠂ ᠣᠷᠣᠯᠴᠠᠭᠴᠢ᠂ ᠠᠰᠢᠭ ᠬᠦᠷᠳᠡᠭᠴᠢ ᠪᠣᠯᠭᠠᠬᠤ ᠬᠡᠷᠡᠭᠲᠡᠢ᠃ ᠸᠠᠩ ᠵᠢᠶᠦ᠋ᠨ ᠱᠠᠭᠠᠷᠳᠠᠭᠰᠠᠨ ᠨᠢ᠂ ᠵᠢᠯᠤᠭᠤᠳᠬᠤ ᠭᠠᠵᠠᠷ ᠤᠨ ᠨᠢᠭᠡᠳᠦᠯᠲᠡᠢ ᠲᠥᠯᠥᠪᠯᠡᠨ ᠰᠦᠪᠡᠭᠴᠢᠯᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠥᠨᠳᠥᠷ ᠪᠦᠲᠦᠮᠵᠢᠲᠡᠶ ᠪᠠᠷ ᠪᠠᠳᠠᠷᠠᠭᠤᠯᠵᠤ᠂ ᠠᠵᠢᠯ ᠤᠨ ᠪᠠᠶᠢᠳᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠪᠥᠬᠦ ᠬᠦᠴᠦᠨ ᠢᠶᠠᠷ ᠢᠶᠠᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠮᠠᠯ ᠠᠵᠤ ᠠᠬᠤᠢ ᠶᠢᠨ ᠣᠳᠣᠬᠢᠴᠢᠯᠠᠯᠲᠠ ᠪᠠ ᠲᠤᠭᠲᠠᠪᠣᠷᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ