ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠤᠯᠠᠭᠠᠨᠴᠠᠪ ᠬᠤᠲᠠ ᠶᠢᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠳᠠᠭᠤᠯᠠᠯᠳᠤ ᠵᠦᠴᠦᠭᠡ ︽ᠠᠷᠠᠳ ᠤᠨ ᠵᠢᠱᠢᠶᠡᠴᠢ ᠳᠦᠭᠦᠶᠢᠮ᠎ᠠ︾ | ᠶᠢ ᠲᠦᠷᠦᠭᠦᠬᠡᠨ ᠪᠡᠭᠡᠵᠢᠩ ᠤᠨ ᠦᠨᠳᠦᠰᠦᠲᠡᠨ ᠤ ᠰᠣᠶᠣᠯ ᠤᠨ ᠣᠷᠳᠣᠨ ᠳᠤ ᠲᠣᠭᠯᠠᠵᠤ᠂ ᠳᠠᠭᠤᠯᠠᠯᠳᠤ ᠵᠦᠴᠦᠭᠡ ᠶᠢᠨ ᠭᠡᠯᠪᠡᠷᠢ ᠪᠠᠷ ︽ᠭᠤᠷᠪᠠᠨ ᠮᠢᠩᠭᠠᠨ | ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ︾ ᠳᠠᠭᠤᠷᠢᠰᠬᠠᠯᠲᠠᠢ ᠰᠠᠶᠢᠬᠠᠨ ᠲᠡᠦᠬᠡ ᠶᠢ ᠠᠮᠢᠳᠤᠯᠢᠭ ᠢᠶᠠᠷ ᠰᠡᠷᠭᠦᠭᠡᠨ᠂ ᠨᠡᠶᠢᠰᠯᠡᠯ ᠤᠨ ᠦᠵᠡᠭᠴᠢᠳ ᠲᠤ | ᠬᠦᠷᠭᠡᠭᠰᠡᠨ ᠪᠠᠶᠢᠨ᠎ᠠ᠃ | ᠵᠦᠴᠦᠭᠡ ᠨᠢ ᠲᠣᠩᠭᠤᠷᠤᠤ ᠲᠣᠭᠠᠴᠢᠯᠲᠠ ᠶᠢᠨ ᠭᠡᠯᠪᠡᠷᠢ ᠪᠠᠷ ᠳᠦᠭᠦᠶᠢᠮ᠎ᠠ ᠶᠢᠨ ᠤᠯᠤᠰ ᠤᠨ ᠬᠡᠦᠬᠡᠳ ᠢ ᠥᠰᠬᠡᠨ ᠬᠥᠮᠥᠵᠢᠭᠦᠯᠦᠭᠰᠡᠨ ᠠᠭᠤᠤ ᠶᠡᠭᠡ | ᠡᠬᠡ ᠶᠢᠨ ᠬᠠᠶᠢᠷ᠎ᠠ ᠶᠢ ᠪᠦᠭᠦ ᠦᠵᠡᠭᠳᠡᠯ ᠢᠶᠠᠷ ᠨᠢ ᠵᠢᠷᠤᠭᠯᠠᠪᠠ᠃ ︽ᠲᠣᠭᠯᠠᠭᠴᠢᠳ ᠤᠨ ᠣᠷᠭᠢᠯᠤᠮ᠎ᠠ ᠰᠡᠳᠬᠢᠯᠭᠡ ᠲᠠᠢ ᠲᠤᠬᠯᠠᠯᠳᠠ᠂ ᠨᠠᠷᠢᠯᠢᠭ ᠰᠠᠶᠢᠬᠠᠨ ᠦᠵᠡᠮᠵᠢ | ᠪᠠᠶᠢᠳᠠᠯ ᠪᠣᠯᠣᠨ ᠵᠦᠴᠦᠭᠡ ᠶᠢᠨ ᠦᠢᠯᠡ ᠶᠠᠪᠤᠳᠠᠯ ᠨᠢ ᠲᠡᠷᠡ ᠬᠦ ᠪᠡᠷᠬᠡ ᠬᠠᠲᠠᠭᠤᠵᠢᠯᠲᠠᠢ ᠴᠠᠭ ᠦᠶ᠎ᠡ ᠶᠢ ᠢᠯᠡᠷᠡᠭᠦᠯᠵᠦ᠂ ᠳᠦᠭᠦᠶᠢᠮ᠎ᠠ ᠡᠵᠢ ᠨᠠᠮ ᠤᠨ ᠢᠶᠠᠨ | ᠲᠥᠯᠥᠭᠡ ᠠᠯᠢᠪᠠ ᠪᠠᠨ ᠵᠣᠷᠢᠭᠤᠯᠤᠨ᠂ ᠬᠠᠷᠠᠮ ᠦᠭᠡᠢ ᠵᠢᠳᠬᠦᠭᠰᠡᠨ ᠡᠬᠡ ᠣᠷᠣᠨᠴᠢ ᠬᠠᠶᠢᠷ᠎ᠠ ᠰᠡᠳᠬᠢᠯᠭᠡ ᠨᠢ ᠨᠠᠮ᠎ᠠ ᠶᠢ ᠮᠠᠰᠢ ᠶᠡᠭᠡ ᠲᠤᠬᠳᠤᠯᠤᠭᠤᠯᠤᠬᠰᠠᠨ ᠠ᠋︾ | ᠭᠡᠵᠦ ᠨᠡᠶᠢᠰᠯᠡᠯ ᠤᠨ ᠦᠵᠡᠭᠴᠢ ᠶᠠᠩ ᠬᠤᠩ ᠶᠠᠨ ᠬᠡᠯᠡᠪᠡ᠃ ᠲᠣᠬᠯᠠᠯᠲᠠ ᠳᠠᠭᠤᠰᠤᠭᠰᠠᠨ ᠤ ᠳᠠᠷᠠᠭ᠎ᠠ ᠠᠬᠤᠢ ᠲᠠᠯᠠᠪᠠᠢ ᠶᠢᠨ ᠦᠵᠡᠭᠴᠢᠳ ᠠᠮᠠ ᠠᠮᠠᠨ ᠳᠠᠭᠠᠨ | ᠮᠠᠭᠲᠠᠨ ᠰᠠᠶᠢᠰᠢᠶᠠᠵᠤ᠂ ᠠᠯᠠᠭ᠎ᠠ ᠲᠡᠰᠢᠯᠲᠡ ᠶᠢᠨ ᠳᠠᠭᠤᠨ ᠤᠳᠠᠲᠠᠯ᠎ᠠ ᠦᠷᠭᠦᠯᠵᠢᠯᠡᠯ᠎ᠡ᠃ ︽ᠵᠣᠬᠢᠶᠠᠨ ᠪᠦᠲᠦᠭᠡᠬᠦ ᠶᠠᠪᠤᠴᠠ ᠳᠤ ᠪᠢᠳᠡ ᠳᠦᠭᠦᠶᠢᠮ᠎ᠠ ᠡᠵᠢ ᠲᠠᠢ | ᠣᠯᠠᠨᠲᠠ ᠠᠭᠤᠯᠵᠠᠪᠠ᠃ ᠮᠠᠲ᠋ᠧᠷᠢᠶᠠᠯ ᠴᠤᠭᠯᠠᠭᠤᠯᠬᠤ ᠳᠤᠮᠳᠠ ᠲᠡᠭᠦᠨ ᠤ ᠬᠡᠩᠰᠢᠨ ᠳᠠᠭᠤᠯᠠᠭᠰᠠᠨ ᠨᠢᠭᠡ ᠪᠠᠳᠠᠭ ᠳᠠᠭᠤᠤ ᠪᠠᠷ ᠭᠤᠣᠯ ᠰᠢᠵᠢᠮ ᠪᠣᠯᠭᠠᠨ᠂ ᠳᠠᠭᠤᠤ | ᠬᠥᠭᠵᠢᠮ ᠪᠠ ᠪᠥᠵᠢᠭ ᠢ ᠤᠶᠠᠯᠳᠤᠭᠤᠯᠬᠤ ᠠᠷᠭ᠎ᠠ ᠭᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠶᠠᠷᠢᠵᠤ᠂ ᠦᠵᠡᠭᠴᠢᠳ ᠲᠤ ᠰᠢᠨ᠎ᠡ ᠰᠡᠪᠡᠭᠦᠨ | ᠲᠥᠷᠥᠭᠳᠡᠯ ᠥᠭᠴᠡᠢ︾ ᠭᠡᠵᠦ ᠵᠦᠴᠦᠭᠡ ᠶᠢᠨ ᠶᠡᠷᠦᠩᠬᠡᠢ ᠤᠳᠤᠷᠢᠳᠤᠭᠠᠴᠢ ᠴᠧᠨ ᠦ᠋ ᠬᠤᠸᠠ ᠬᠡᠯᠡᠵᠡᠢ᠃ | ᠲᠤᠰ ᠵᠦᠴᠦᠭᠡ ᠪᠣᠯ ᠳᠤᠮᠳᠠᠳᠤ ᠤᠯᠤᠰ·ᠥᠪᠥᠷ ᠮᠣᠩᠭᠤᠯ ᠤᠨ ᠬᠤᠷᠢᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠢᠯᠢᠳᠡᠭ | ᠲᠣᠬᠯᠠᠯᠲᠠ ᠶᠢᠨ ᠵᠦᠴᠦᠭᠡ ᠪᠠᠶᠢᠵᠤ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠰᠣᠳᠣᠨ ᠪᠦᠲᠦᠭᠡᠯ ᠤᠨ | ᠢᠨᠵᠧᠨᠧᠷᠢᠩ ᠳᠤ ᠰᠣᠩᠭᠤᠭᠳᠠᠵᠠᠢ᠃ ᠲᠣᠰ ᠵᠦᠴᠦᠭᠡ ᠶᠢ ᠪᠡᠭᠡᠵᠢᠩ ᠳᠤ ᠠᠩᠬ᠎ᠠ ᠤᠳᠠᠭ᠎ᠠ ᠲᠣᠭᠯᠠᠭᠰᠠᠨ ᠨᠢ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠥᠪᠥᠷ | ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | |