ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠮᠣᠩᠭᠤᠯ ᠵᠦᠴᠦᠭᠡ ᠶᠢᠨ ᠤᠷᠠᠯᠢᠭ ᠤᠨ ᠪᠦᠯᠭᠦᠮ ᠠᠴᠠ ᠥᠭᠡᠷᠡᠴᠢᠯᠡᠨ ᠨᠠᠶᠢᠷᠠᠭᠤᠯᠵᠤ | ᠪᠦᠲᠦᠭᠡᠭᠰᠡᠨ ᠬᠡᠦᠬᠡᠳ ᠤᠨ ᠵᠦᠴᠦᠭᠡ ︽ᠤᠯᠤᠰ ᠤᠨ ᠬᠡᠦᠬᠡᠳ︾ ᠢ ᠣᠷᠴᠢᠮᠬᠠᠨ ᠭᠦᠭᠡᠬᠤᠳᠠ ᠳᠤ ᠠᠩᠬ᠎ᠠ ᠲᠣᠭᠯᠠᠵᠤ᠂ ᠠᠭᠤᠤ ᠶᠡᠭᠡ ᠦᠨᠳᠦᠰᠦᠲᠡᠨ ᠤ | ᠪᠦᠯᠬᠦᠮᠳᠡᠯ ᠤᠨ ᠵᠣᠷᠢᠭ ᠰᠠᠨᠠᠭ᠎ᠠ ᠶᠢ ᠳᠠᠭᠢᠨ ᠢᠯᠡᠷᠡᠭᠦᠯᠪᠡ᠃ | ᠲᠣᠰ ᠵᠦᠴᠦᠭᠡ ᠨᠢ ︽ᠭᠤᠷᠪᠠᠨ ᠮᠢᠩᠭᠠᠨ ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ︾ ᠲᠡᠦᠬᠡᠨ ᠶᠠᠪᠤᠳᠠᠯ ᠢᠶᠠᠷ ᠰᠡᠳᠦᠪᠯᠡᠨ᠂ ︽ᠠᠷᠠᠳ ᠤᠨ | ᠵᠢᠱᠢᠶᠡᠴᠢ︾ ᠳᠦᠭᠦᠶᠢᠮ᠎ᠠ ᠡᠵᠢ ᠶᠢᠨ ᠳᠡᠭᠡᠷ᠎ᠡ ᠵᠠᠭᠤᠨ ᠤ ᠵᠢᠷᠠᠭᠠᠳ ᠣᠨ ᠳᠤ ᠲᠦᠮᠡᠨ ᠪᠡᠷᠬᠡ ᠶᠢ ᠳᠤᠭᠤᠯᠤᠨ 28 ᠥᠨᠥᠴᠢᠨ ᠬᠡᠦᠬᠡᠳ ᠢ ᠥᠰᠬᠡᠨ | ᠬᠥᠮᠥᠵᠢᠭᠦᠯᠦᠭᠰᠡᠨ ᠦᠨᠡᠨ ᠪᠣᠳᠠᠲᠠᠢ ᠤᠴᠢᠷ ᠢᠶᠠᠷ ᠳᠦᠷᠢ ᠡᠰᠬᠡᠵᠦ᠂ ᠰᠢᠨ᠎ᠡ ᠳᠤᠮᠳᠠᠳᠤ ᠤᠯᠤᠰ ᠤᠨ ᠬᠠᠮᠤᠭ ᠤᠨ ᠪᠡᠷᠬᠡ ᠬᠠᠲᠠᠭᠤᠵᠢᠯᠲᠠᠢ ᠴᠠᠭ ᠦᠶ᠎ᠡ ᠳᠤ ᠥᠪᠥᠷ | ᠮᠣᠩᠭᠤᠯ ᠤᠨ ᠠᠷᠠᠳ ᠲᠦᠮᠡᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠠᠭᠤᠤ ᠶᠡᠭᠡ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ᠂ ᠥᠪᠡᠷ ᠢ ᠪᠠᠨ | ᠦᠷᠡᠭᠳᠡᠭᠦᠯᠬᠦ ᠠᠴᠠ ᠦᠯᠦ ᠪᠤᠴᠠᠬᠤ ᠵᠣᠷᠢᠭ ᠰᠠᠨᠠᠭ᠎ᠠ ᠪᠠᠷ ᠱᠠᠩᠬᠠᠢ ᠶᠢᠨ 3000 ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ ᠦᠨᠡᠨ ᠪᠣᠳᠠᠲᠠᠢ ᠬᠡᠷᠡᠭ | ᠶᠠᠪᠤᠳᠠᠯ ᠢ ᠲᠣᠭᠠᠴᠢᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢ ᠳᠡᠯᠭᠡᠵᠡᠢ᠃ | ᠲᠤᠰ ᠵᠦᠴᠦᠭᠡ ᠨᠢ ᠲᠠᠶᠢᠰᠠᠨ ᠤ ᠦᠵᠡᠮᠵᠢ ᠪᠠ ᠳ᠋ᠧᠩ᠂ ᠭᠡᠷᠡᠯ ᠲᠠᠭᠤᠨ ᠤ ᠦᠢᠯᠡᠳᠦᠯ ᠤᠨ ᠲᠠᠯ᠎ᠠ ᠪᠠᠷ ᠠᠪᠰᠠᠷᠬᠠᠨ ᠪᠠᠶᠢᠬᠤ ᠵᠠᠷᠴᠢᠮ ᠢ ᠵᠢᠷᠤᠮᠯᠠᠨ᠂ | ᠬᠡᠶᠢᠰᠪᠦᠷᠢ ᠪᠠ ᠪᠣᠳᠠᠲᠠᠢ ᠶᠢ ᠤᠶᠠᠯᠳᠤᠭᠤᠯᠤᠭᠰᠠᠨ ᠲᠠᠶᠢᠰᠠᠨ ᠤ ᠬᠡᠪ ᠨᠠᠮᠪᠠ ᠶᠢ ᠪᠤᠶ ᠪᠤᠯᠭᠠᠵᠤ᠂ ᠵᠦᠴᠦᠭᠡ ᠶᠢᠨ ᠦᠶᠯᠡ ᠶᠠᠪᠤᠳᠠᠯ ᠤᠨ ᠦᠨᠳᠦᠰᠦᠨ ᠬᠡᠷᠡᠭᠴᠡᠭᠡ ᠶᠢ | ᠬᠠᠩᠭᠠᠭᠰᠠᠨ ᠤᠷᠢᠳᠠᠯ ᠳᠣᠣᠷ᠎ᠠ ᠪᠠᠶᠢᠭᠠᠯᠢᠯᠢᠭ ᠭᠤᠸ᠎ᠠ ᠰᠠᠶᠢᠬᠠᠨ ᠢ ᠬᠥᠭᠡᠭᠡᠴᠡᠯᠳᠦᠵᠡᠢ᠃ ᠡᠭᠦᠨ ᠤ ᠬᠠᠮᠲᠤ ᠲᠡᠦᠬᠡ ᠪᠠ ᠪᠣᠳᠠᠲᠤ ᠠᠬᠤᠢ ᠶᠢ ᠬᠦᠨᠳᠦᠳᠬᠡᠭᠰᠡᠨ | ᠰᠠᠭᠤᠷᠢᠨ ᠳᠡᠭᠡᠷ᠎ᠡ ᠬᠡᠦᠬᠡᠳ ᠤᠨ ᠭᠤᠸ᠎ᠠ ᠲᠠᠭᠠᠰᠢᠶᠠᠯ ᠪᠠ ᠭᠥᠯᠢᠶᠡᠨ ᠠᠪᠬᠤ ᠴᠢᠳᠠᠪᠤᠷᠢ ᠶᠢ ᠬᠠᠷᠠᠭᠠᠯᠵᠠᠨ ᠲᠡᠮᠡᠭᠡ᠂ ᠴᠢᠨ᠋ᠸ᠎ᠠ᠂ ᠬᠤᠨᠢ᠂ ᠮᠣᠩᠭᠤᠯ ᠭᠡᠷ ᠵᠡᠷᠭᠡ ᠪᠣᠳᠠᠲᠠᠢ | ᠳᠦᠷᠢ ᠶᠢ ᠣᠷᠣᠭᠤᠯᠵᠤ᠂ ᠬᠡᠦᠬᠡᠳ ᠪᠠᠭᠠᠴᠤᠳ ᠲᠤ ᠵᠦᠴᠦᠭᠡ ᠶᠢᠨ ᠦᠶᠯᠡ ᠶᠠᠪᠤᠳᠠᠯ ᠢ ᠨᠠᠩ ᠰᠠᠶᠢᠨ ᠣᠶᠢᠯᠠᠭᠠᠬᠤ ᠳᠤ ᠲᠥᠭᠦᠮ ᠪᠣᠯᠭᠠᠨ ᠵᠦᠴᠦᠭᠡ ᠰᠣᠨᠢᠷᠬᠠᠬᠤ | ᠬᠠᠪᠤ ᠴᠡᠩᠭᠡᠯ ᠢ ᠨᠡᠮᠡᠭᠳᠡᠭᠦᠯᠵᠦ᠂ ᠠᠬᠤᠢ ᠲᠠᠯᠠᠪᠠᠶ ᠶᠢᠨ ᠦᠵᠡᠭᠴᠢᠳ ᠤᠨ ᠪᠠᠭ᠋ᠠᠷᠬᠠᠯ ᠢ ᠣᠯᠵᠠᠢ᠃ ᠣᠶᠢᠯᠠᠭᠠᠭᠰᠠᠨ ᠢᠶᠠᠷ᠂ ᠲᠣᠰ ᠵᠦᠴᠦᠭᠡ ᠶᠢ ᠡᠨᠡ ᠵᠢᠯ ᠤᠨ 10 | -11 ᠰᠠᠷ᠎ᠠ ᠶᠢᠨ ᠬᠤᠭᠤᠷᠣᠨᠳᠤ ᠭᠦᠭᠡᠬᠤᠲᠠ᠂ ᠪᠤᠭᠤᠲᠤ ᠬᠤᠲᠠ ᠪᠠ ᠣᠷᠳᠣᠰ ᠬᠤᠲᠠ ᠶᠢᠨ ᠡᠯ᠎ᠡ ᠬᠤᠰᠢᠭᠤ ᠰᠢᠶᠠᠨ᠂ ᠰᠤᠷᠭᠠᠭᠤᠯᠢ ᠵᠡᠷᠭᠡ ᠭᠠᠵᠠᠷ ᠢᠶᠠᠷ 20 | ᠲᠠᠯᠠᠪᠠᠢ ᠲᠣᠭᠤᠷᠢᠨ ᠲᠣᠭᠯᠠᠬᠤ ᠪᠣᠯᠣᠨ᠎ᠠ᠃ | | | |