ᠥᠪᠥᠷ ᠮᠣᠩᠭᠤᠯ ᠤᠨ ᠮᠦᠽᠧᠢ ᠠᠴᠠ ᠡᠷᠭᠢᠯᠡᠭᠰᠡᠨ ︽ᠬᠦᠰᠡᠯ ᠮᠥᠷᠥᠭᠡᠳᠦᠯ ᠢᠶᠠᠨ ᠬᠥᠭᠡᠭᠡᠴᠡᠯᠳᠦᠨ ᠵᠢᠯᠣᠭᠤ ᠰᠣᠩᠭᠤᠨ ᠤᠷᠤᠭᠰᠢᠯᠠᠨᠠᠮ - ᠰᠢᠨ᠎ᠡ ᠪᠠᠷ | ᠡᠯᠰᠡᠨ ᠴᠤᠭᠯᠠᠭᠤᠯᠤᠭᠰᠠᠨ ᠨᠠᠮ ᠤᠨ ᠲᠡᠦᠬᠡ ᠶᠢᠨ ᠰᠤᠷᠪᠤᠯᠵᠢ ᠪᠢᠴᠢᠭ ᠤᠨ ᠦᠵᠠᠰᠭᠦᠯᠡᠩ︾ ᠢᠳᠡ ᠭᠦᠭ ᠲᠠᠢ ᠦᠷᠭᠦᠯᠵᠢᠯᠡᠵᠦ ᠪᠠᠶᠢᠨ᠎ᠠ᠃ | ᠥᠪᠥᠷ ᠮᠣᠩᠭᠤᠯ ᠤᠨ ᠮᠦᠽᠧᠢ 12 ᠰᠠᠷ᠎ᠠ ᠶᠢᠨ 1 ᠤ ᠡᠳᠦᠷ ᠪᠤᠯᠳᠠᠯ᠎ᠠ ᠶᠠᠪᠤᠭᠳᠠᠬᠤ ᠲᠤᠰ ᠦᠵᠡᠰᠭᠦᠯᠡᠩ ᠳᠡᠭᠡᠨ ᠲᠡᠦᠬᠡ ᠶᠢᠨ ᠳᠤᠷᠠᠰᠬᠠᠯᠲᠤ | ᠵᠦᠢᠯᠡᠰ ᠢ ᠰᠤᠳᠤᠯᠤᠨ ᠡᠮᠬᠢᠳᠬᠡᠵᠦ᠂ 100 ᠭᠠᠷᠤᠢ ᠬᠤᠪᠣᠷ ᠨᠠᠨᠳᠢᠨ ᠰᠤᠷᠪᠤᠯᠵᠢ ᠪᠢᠴᠢᠭ ᠢ ᠰᠢᠯᠢᠨ ᠰᠣᠩᠭᠤᠵᠤ᠂ ᠲᠤᠰᠬᠠᠢ ᠰᠤᠷᠪᠤᠯᠵᠢ ᠪᠢᠴᠢᠭ ᠤᠨ | ᠦᠵᠡᠰᠭᠦᠯᠡᠩ ᠭᠠᠷᠭᠠᠵᠠᠢ᠃ ᠦᠵᠡᠰᠭᠦᠯᠡᠩ ᠨᠢ ᠴᠠᠭ ᠢᠶᠠᠷ ᠰᠢᠵᠢᠮᠯᠡᠨ ᠬᠤᠪᠣᠷ ᠨᠠᠨᠳᠢᠨ ᠰᠤᠷᠪᠤᠯᠵᠢ ᠪᠢᠴᠢᠭ ᠤᠳ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠡᠬᠢᠨ ᠤ ᠦᠶ᠎ᠡ ᠠᠴᠠ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠭᠡᠷᠡᠯ ᠰᠠᠴᠤᠷᠠᠩᠭᠤᠢ ᠴᠠᠭ ᠮᠥᠴᠡ ᠶᠢ | ᠬᠤᠯᠪᠣᠵᠤ᠂ ᠨᠠᠮ ᠠᠷᠠᠳ ᠲᠦᠮᠡᠨ ᠢ ᠤᠳᠤᠷᠢᠳᠤᠨ ᠴᠥᠬᠦᠷᠡᠰᠢ ᠦᠭᠡᠢ ᠲᠡᠮᠡᠴᠡᠵᠦ᠂ ᠵᠣᠷᠢᠭᠲᠠᠢ ᠪᠠᠷ ᠬᠠᠶᠢᠨ ᠰᠦᠪᠡᠭᠴᠢᠯᠡᠭᠰᠡᠨ ᠢᠷᠠᠭᠤ ᠭᠠᠶᠢᠬᠠᠮᠰᠢᠭᠲᠤ | ᠬᠠᠭᠤᠳᠠᠰᠤ ᠶᠢ ᠲᠡᠮᠳᠡᠭᠯᠡᠵᠡᠢ᠃ ᠳᠡᠯᠭᠡᠨ ᠦᠵᠡᠭᠦᠯᠵᠦ ᠪᠠᠶᠢᠭ᠎ᠠ ᠰᠤᠷᠪᠤᠯᠵᠢ ᠪᠢᠴᠢᠭ ᠲᠤ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ | ᠰᠣᠩᠭᠤᠳᠠᠭ ᠵᠣᠬᠢᠶᠠᠯ ᠪᠦᠲᠦᠭᠡᠯ᠂ ᠮᠠᠰᠢ ᠤᠯᠠᠨ ᠡᠪ ᠬᠠᠮᠲᠤ ᠶᠣᠰᠣᠨ ᠤ ᠤᠨᠤᠯ ᠤᠨ ᠰᠣᠩᠭᠤᠳᠠᠭ ᠵᠣᠬᠢᠶᠠᠯ᠂ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠶᠢᠨ ᠦᠨᠡᠨ | ᠪᠣᠳᠠᠲᠤ ᠲᠡᠮᠳᠡᠭᠯᠡᠯ᠂ ᠴᠢᠯᠦᠭᠡᠯᠡᠭᠳᠡᠭᠰᠡᠨ ᠣᠷᠣᠨ ᠳᠤ ᠦᠨᠡᠨ ᠪᠣᠳᠠᠲᠠᠢ ᠦᠵᠡᠵᠦ ᠰᠣᠨᠣᠰᠤᠭᠰᠠᠨ ᠵᠦᠢᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠶᠢᠭᠤᠯᠭ᠎ᠠ ᠶᠢᠨ ᠰᠡᠳᠬᠦᠯ ᠪᠣᠯᠣᠨ ᠪᠤᠰᠤᠳ ᠳᠠᠪᠰᠢᠩᠭᠤᠢ ᠨᠣᠮ ᠬᠡᠪᠯᠡᠭᠳᠡᠬᠦᠨ ᠵᠡᠷᠭᠡ ᠶᠢ ᠪᠠᠭᠲᠠᠭᠠᠪᠠ᠃ | ᠰᠤᠷᠪᠤᠯᠵᠢ ᠪᠢᠴᠢᠭ ᠪᠣᠯ ᠲᠡᠦᠬᠡ ᠶᠢ ᠭᠡᠷᠡᠴᠢᠯᠡᠭᠴᠢ ᠮᠥᠨ᠃ ᠨᠠᠮ ᠤᠨ ᠲᠡᠦᠬᠡ ᠶᠢᠨ ᠰᠤᠷᠪᠤᠯᠵᠢ ᠪᠢᠴᠢᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ | 100 ᠭᠠᠷᠤᠢ ᠵᠢᠯ ᠤᠨ ᠲᠡᠦᠬᠡ ᠶᠢ ᠲᠡᠮᠳᠡᠭᠯᠡᠭᠰᠡᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠪᠣᠯᠤᠭᠰᠠᠨ ᠤ ᠬᠤᠪᠢ ᠳᠤ᠂ ᠨᠠᠮ ᠪᠠ ᠠᠷᠠᠳ ᠲᠦᠮᠡᠨ ᠤ | ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠨ ᠢᠷᠠᠭᠤ ᠠᠯᠳᠠᠷᠲᠤ ᠲᠡᠦᠬᠡ ᠶᠢ ᠠᠴᠢᠶᠠᠯᠠᠵᠤ᠂ ᠳᠤᠮᠳᠠᠳᠤ ᠤᠯᠤᠰ ᠤᠨ ᠬᠤᠪᠢᠰᠬᠠᠯ ᠤᠨ ᠠᠭᠤᠤ ᠶᠡᠭᠡ ᠲᠡᠦᠬᠡᠨ | ᠥᠩᠭᠡᠷᠡᠯᠲᠡ ᠪᠣᠯᠣᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠲᠡᠮᠳᠡᠭᠯᠡᠵᠦ ᠪᠠᠶᠢᠳᠠᠭ ᠢᠶᠠᠷ ᠢᠶᠠᠨ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ | ᠪᠣᠯᠵᠠᠢ᠃ ᠲᠡᠷᠡ ᠪᠣᠯ ᠬᠤᠪᠢᠰᠬᠠᠯ ᠤᠨ ᠤᠯᠠᠮᠵᠢᠯᠠᠯ ᠪᠣᠯᠣᠨ ᠬᠤᠪᠢᠰᠬᠠᠯ ᠤᠨ ᠰᠣᠶᠣᠯ ᠢ ᠪᠠᠳᠠᠷᠠᠭᠤᠯᠬᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ | ᠴᠢᠬᠤᠯᠠ ᠮᠠᠲ᠋ᠧᠷᠢᠶᠠᠯ ᠪᠣᠯᠣᠨ᠎ᠠ᠃ | | | | |