︽ᠲᠤᠮᠳᠠᠳᠤ ᠤᠯᠤᠰ ᠢ ᠲᠠᠨᠢᠨ ᠮᠡᠳᠡᠷᠡᠬᠦᠢ︾·ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠤᠯᠠᠭᠠᠨᠪᠠᠭᠠᠲᠤᠷ ᠲᠤ ᠡᠬᠢᠯᠡᠪᠡ
ᠨᠡᠶᠢᠲᠡᠯᠡᠭᠰᠡᠨ ᠴᠠᠭ᠄
2024/11/27
        ᠡᠭᠢᠯᠡᠯᠳᠡ ᠶᠢᠨ ᠶᠣᠰᠣᠯᠠᠯ ᠳᠠᠬᠢ ︽ᠦᠱᠦ ᠶᠢᠨ ᠰᠦᠭ ᠰᠦᠨᠡᠰᠦ︾ ᠲᠤᠰᠬᠠᠢ ᠲᠠᠯᠠᠪᠠᠢ ᠲᠤᠬᠯᠠᠯᠳᠠ ᠦᠵᠡᠭᠴᠢᠳ ᠤᠨ ᠬᠠᠯᠠᠭᠤᠨ  ᠬᠦᠷᠢᠶᠡᠯᠡᠯ ᠢ ᠣᠯᠵᠠᠢ        ᠲᠤᠮᠳᠠᠳᠤ ᠮᠣᠩᠭᠤᠯ ᠬᠤᠶᠠᠷ ᠤᠯᠤᠰ ᠤᠨ ᠰᠣᠶᠣᠯ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ  ᠵᠤᠵᠠᠭᠠᠳᠬᠠᠬᠤ ᠶᠢᠨ ᠲᠥᠯᠥᠭᠡ᠂ ᠲᠤᠮᠳᠠᠳᠤ ᠮᠣᠩᠭᠤᠯ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠲᠠᠰᠢᠷᠠᠮ ᠢᠶᠠᠷ᠂ ᠮᠣᠩᠭᠤᠯ ᠤᠯᠤᠰ ᠲᠤ  ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ᠂ ᠮᠣᠩᠭᠤᠯ ᠤᠯᠤᠰ ᠤᠨ ᠰᠣᠶᠣᠯ ᠲᠠᠮᠢᠷ ᠠᠶᠠᠯᠠᠯ ᠵᠢᠭᠤᠯᠴᠢᠯᠠᠯ ᠵᠠᠯᠠᠭᠤᠴᠤᠳ ᠤᠨ ᠶᠠᠮᠤᠨ᠂  ᠲᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ  ᠬᠠᠮᠲᠤᠷᠠᠨ ᠭᠤᠣᠯᠯᠠᠨ ᠡᠷᠭᠢᠯᠡᠵᠦ᠂ ᠤᠯᠠᠭᠠᠨᠪᠠᠭᠠᠲᠤᠷ ᠲᠠᠬᠢ ᠳᠤᠮᠳᠠᠳᠤ ᠶᠢᠨ ᠰᠣᠶᠣᠯ ᠤᠨ ᠲᠥᠪ᠂ ᠾᠧᠨᠠᠨ ᠮᠤᠵᠢ ᠶᠢᠨ ᠱᠤᠤ ᠯᠢᠨ ᠦᠱᠦ ᠶᠢᠨ ᠣᠷᠳᠣᠨ ᠵᠡᠷᠭᠡ ᠠᠴᠠ ᠳᠠᠭᠠᠭᠠᠴᠢᠯᠠᠨ ᠡᠷᠭᠢᠯᠡᠭᠰᠡᠨ ︽ᠲᠤᠮᠳᠠᠳᠤ ᠤᠯᠤᠰ ᠢ ᠲᠠᠨᠢᠨ ᠮᠡᠳᠡᠷᠡᠬᠦᠢ︾·ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠶᠢᠨ ᠡᠭᠢᠯᠡᠯᠳᠡ ᠶᠢᠨ  ᠶᠣᠰᠣᠯᠠᠯ ᠵᠢᠴᠢ ︽ᠦᠱᠦ ᠶᠢᠨ ᠰᠦᠭ ᠰᠦᠨᠡᠰᠦ︾ ᠲᠤᠰᠬᠠᠢ ᠲᠠᠯᠠᠪᠠᠢ ᠲᠤᠬᠯᠠᠯᠳᠠ 11 ᠰᠠᠷ᠎ᠠ ᠶᠢᠨ 4᠎ ᠤ ᠣᠷᠣᠢ ᠤᠯᠠᠭᠠᠨᠪᠠᠭᠠᠲᠤᠷ ᠤᠨ ᠲᠥᠪ ᠴᠡᠩᠭᠡᠯ ᠤᠨ  ᠣᠷᠳᠣᠨ ᠳᠤ ᠨᠢᠵᠢᠭᠢᠷ ᠰᠠᠶᠢᠬᠠᠨ ᠶᠠᠪᠤᠭᠳᠠᠪᠠ᠃        ᠡᠭᠢᠯᠡᠯᠳᠡ ᠶᠢᠨ ᠶᠣᠰᠣᠯᠠᠯ ᠳᠡᠭᠡᠷ᠎ᠡ᠂ ᠮᠣᠩᠭᠤᠯ ᠤᠯᠤᠰ ᠲᠤ ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠡᠭᠦᠷᠭᠡ ᠶᠢ ᠲᠦᠷ  ᠣᠷᠣᠯᠠᠨ ᠭᠦᠢᠴᠡᠳᠭᠡᠭᠴᠢ᠂ ᠡᠯᠴᠢᠨ ᠤ ᠵᠡᠷᠭᠡᠯᠡᠯ ᠲᠠᠢ ᠵᠥᠪᠯᠡᠭᠴᠢ ᠵᠠᠩ ᠮᠦ ᠰᠢᠩ᠂ ᠮᠣᠩᠭᠤᠯ ᠤᠯᠤᠰ ᠤᠨ ᠰᠣᠶᠣᠯ ᠲᠠᠮᠢᠷ ᠠᠶᠠᠯᠠᠯ ᠵᠢᠭᠤᠯᠴᠢᠯᠠᠯ ᠵᠠᠯᠠᠭᠤᠴᠤᠳ ᠤᠨ  ᠶᠠᠮᠤᠨ ᠤ ᠲᠦᠷᠦ ᠶᠢᠨ ᠨᠠᠷᠢᠨ ᠪᠢᠴᠢᠭ ᠤᠨ ᠳᠠᠷᠤᠭ᠎ᠠ ᠳᠠᠸᠠᠵᠢᠷᠭᠠᠯ ᠨᠠᠷ ᠡᠭᠢᠯᠡᠯᠳᠡ ᠶᠢᠨ ᠶᠣᠰᠣᠯᠠᠯ ᠳᠤ ᠤᠷᠤᠯᠴᠠᠵᠦ᠂ ᠲᠤᠮᠳᠠᠳᠤ ᠮᠣᠩᠭᠤᠯ ᠬᠤᠶᠠᠷ ᠤᠯᠤᠰ ᠤᠨ  ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠣᠶᠣᠯ ᠤᠨ ᠪᠦᠯᠭᠦᠮ᠂ ᠶᠡᠭᠡ ᠳᠡᠭᠡᠳᠦ ᠰᠤᠷᠭᠠᠭᠤᠯᠢ᠂ ᠵᠠᠭᠤᠴᠢᠯᠠᠭᠤᠷ᠂ ᠠᠵᠤ ᠠᠬᠤᠶᠢᠯᠠᠯ ᠪᠠ  ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠥᠭᠡᠯᠡᠭᠴᠢ ᠵᠢᠴᠢ ᠲᠤᠮᠳᠠᠳᠤ ᠶᠢᠨ ᠬᠥᠮᠥᠨ ᠲᠤᠮᠳᠠᠳᠤ ᠶᠢᠨ ᠬᠠᠷᠢᠶᠠᠲᠤ ᠶᠢᠨ ᠲᠥᠯᠥᠭᠡᠯᠡᠭᠴᠢ 1200 ᠭᠠᠷᠤᠢ  ᠬᠥᠮᠥᠨ ᠡᠭᠢᠯᠡᠯᠳᠡ ᠶᠢᠨ ᠶᠣᠰᠣᠯᠠᠯ ᠳᠤ ᠣᠷᠣᠯᠴᠠᠵᠠᠢ᠃        ᠡᠭᠢᠯᠡᠯᠳᠡ ᠶᠢᠨ ᠶᠣᠰᠣᠯᠠᠯ ᠤᠨ ᠴᠢᠬᠤᠯᠠ ᠠᠭᠤᠯᠭ᠎ᠠ ᠪᠤᠯᠬᠤ ᠱᠤᠤ ᠯᠢᠨ ᠦᠱᠦ ᠶᠢᠨ ᠲᠤᠰᠬᠠᠢ ᠲᠠᠯᠠᠪᠠᠢ ᠲᠤᠬᠯᠠᠯᠳᠠ︽ᠦᠱᠦ ᠶᠢᠨ ᠰᠦᠭ ᠰᠦᠨᠡᠰᠦ︾ ᠎ ᠨᠢ  ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃ ᠾᠧᠨᠠᠨ ᠮᠤᠵᠢ ᠶᠢᠨ ᠱᠤᠤ ᠯᠢᠨ ᠦᠱᠦ ᠶᠢᠨ ᠣᠷᠳᠣᠨ ᠤ 34 ᠬᠤᠸᠠᠷᠠᠭ ᠲᠣᠭᠯᠠᠭᠴᠢ ᠲᠠᠶᠢᠰᠠᠨ ᠳᠤ  ᠭᠠᠷᠬᠤ ᠲᠠᠢ ᠵᠡᠷᠭᠡ ᠲᠠᠯᠠᠪᠠᠢ ᠳᠠᠶᠠᠭᠠᠷ  ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠤᠶᠠᠨ ᠬᠠᠳᠠᠨ ᠢ ᠬᠤᠣᠰᠯᠠᠭᠤᠯᠤᠭᠰᠠᠨ ᠲᠤᠮᠳᠠᠳᠤ ᠶᠢᠨ ᠡᠷᠳᠡᠮ᠂ ᠰᠦᠷ ᠵᠢᠪᠬᠤᠭ᠎ᠠ ᠶᠢ ᠭᠠᠶᠢᠬᠠᠭᠤᠯᠤᠭᠰᠠᠨ ᠲᠠᠶᠢᠰᠠᠨ ᠤ ᠲᠤᠬᠯᠠᠯᠳᠠ ᠨᠢ ᠲᠤᠮᠳᠠᠳᠤ ᠶᠢᠨ ᠤᠯᠠᠮᠵᠢᠯᠠᠯᠲᠤ ᠦᠱᠦ ᠶᠢᠨ ᠲᠠᠲᠠᠬᠤ ᠬᠦᠴᠦᠨ ᠢ ᠭᠦᠢᠴᠡᠳ ᠢᠯᠡᠷᠡᠭᠦᠯᠵᠦ᠂ ᠦᠵᠡᠭᠴᠢᠳ  ᠲᠠᠰᠤᠷᠠᠯᠳᠠ ᠦᠭᠡᠢ ᠠᠯᠠᠭ᠎ᠠ ᠲᠠᠰᠢᠵᠦ᠂ ᠲᠤᠬᠠᠢ ᠶᠢᠨ ᠲᠠᠯᠠᠪᠠᠢ ᠭᠦᠷ ᠬᠥᠭᠵᠢᠶᠡᠨ ᠢᠶᠠᠷ ᠪᠢᠯᠬᠠᠪᠠ᠃        ︽ᠲᠤᠮᠳᠠᠳᠤ ᠤᠯᠤᠰ ᠢ ᠲᠠᠨᠢᠨ ᠮᠡᠳᠡᠷᠡᠬᠦᠢ︾·ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠨᠢ 11 ᠰᠠᠷ᠎ᠠ ᠶᠢᠨ 4᠎ ᠠᠴᠠ 7᠎ ᠤ ᠡᠳᠦᠷ  ᠪᠤᠯᠳᠠᠯ᠎ᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠳᠠ ᠳᠤ ᠶᠠᠪᠤᠭᠳᠠᠨ᠎ᠠ᠃ ᠰᠣᠶᠣᠯ ᠤᠨ ᠭᠠᠷᠠᠭ ᠤᠨ ᠠᠵᠢᠯᠯᠠᠭ᠎ᠠ ᠶᠢᠨ ᠲᠣᠬᠢᠷᠠᠭᠤᠯᠤᠯᠲᠠ ᠪᠠᠷ᠂ ᠭᠤᠣᠯᠯᠠᠨ  ᠡᠷᠭᠢᠯᠡᠭᠰᠡᠨ ᠨᠢᠭᠡᠴᠢ ᠠᠴᠠ ᠰᠣᠶᠣᠯ ᠤᠨ ᠭᠠᠷᠠᠭ ᠤᠨ ᠬᠤᠭᠤᠴᠠᠭᠠᠨ ᠳᠤ ᠮᠣᠩᠭᠤᠯ ᠡᠮᠨᠡᠯᠭᠡ ᠶᠢᠨ ᠠᠯᠪᠠᠨ ᠵᠢᠷᠤᠮ ᠤᠨ ᠡᠮᠴᠢᠯᠡᠭᠡ ᠬᠢᠬᠦ᠂ ᠨᠣᠮ ᠪᠢᠴᠢᠭ ᠤᠨ  ᠰᠣᠯᠢᠯᠴᠠᠭ᠎ᠠ ᠥᠷᠨᠢᠭᠦᠯᠬᠦ᠂ ᠺᠢᠨᠣ᠋ ᠳᠡᠯᠭᠡᠨ ᠦᠵᠡᠭᠦᠯᠭᠦ᠂ ᠲᠧᠯᠸᠢᠰ ᠵᠦᠴᠦᠭᠡ ᠨᠡᠪᠲᠡᠷᠡᠭᠦᠯᠬᠦ᠂ ᠰᠢᠯᠢᠳᠡᠭ ᠸᠢᠳᠢᠤ᠋ ᠪᠦᠲᠦᠭᠡᠯ ᠢ ᠳᠡᠯᠭᠡᠨ ᠦᠵᠡᠭᠦᠯᠭᠦ ᠵᠡᠷᠭᠡ ᠠᠵᠢᠯᠯᠠᠭ᠎ᠠ  ᠥᠷᠨᠢᠭᠦᠯᠬᠦ ᠪᠣᠯᠣᠨ᠎ᠠ᠃ ᠤᠯᠠᠨ ᠵᠢᠯ ᠳᠠᠷᠠᠭᠠᠯᠠᠨ ᠶᠠᠪᠤᠭᠳᠠᠭᠰᠠᠨ︽ᠲᠤᠮᠳᠠᠳᠤ ᠤᠯᠤᠰ ᠢ ᠲᠠᠨᠢᠨ ᠮᠡᠳᠡᠷᠡᠬᠦᠢ·ᠥᠪᠥᠷ ᠮᠣᠩᠭᠤᠯ ᠤᠨ ᠰᠣᠶᠣᠯ ᠤᠨ ᠭᠠᠷᠠᠭ ᠤᠨ  ᠠᠵᠢᠯᠯᠠᠭ᠎ᠠ ᠨᠢ ᠲᠤᠮᠳᠠᠳᠤ ᠮᠣᠩᠭᠤᠯ ᠤᠨ ᠨᠦᠭᠦᠷᠰᠡᠭ ᠬᠠᠷᠢᠯᠴᠠᠭᠠᠨ ᠤ ᠤᠭ ᠰᠠᠨᠠᠭ᠎ᠠ ᠲᠡᠦᠬᠡᠲᠦ ᠬᠠᠷᠢᠭᠤᠴᠠᠯᠭ᠎ᠠ ᠶᠢ ᠭᠦᠢᠴᠡᠳ ᠬᠠᠷᠠᠭᠤᠯᠵᠤ᠂ ᠮᠣᠩᠭᠤᠯ  ᠤᠯᠤᠰ ᠲᠤ ᠲᠤᠮᠳᠠᠳᠤ ᠤᠯᠤᠰ ᠢ ᠨᠡᠩ ᠢᠯᠡᠭᠦᠦ ᠲᠠᠨᠢᠭᠤᠯᠤᠨ ᠮᠡᠳᠡᠷᠡᠭᠦᠯᠵᠦ᠂ ᠥᠪᠥᠷ ᠮᠣᠩᠭᠤᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠬᠤᠶᠠᠷ ᠤᠯᠤᠰ ᠤᠨ  ᠨᠦᠭᠦᠷᠰᠡᠭ ᠬᠠᠷᠢᠯᠴᠠᠭ᠎ᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃            
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ