11 ᠰᠠᠷ᠎ᠠ ᠶᠢᠨ 6 ᠤ ᠣᠷᠣᠢ᠂ ︽ᠲᠡᠭᠷᠢᠯᠢᠭ ᠡᠭᠡᠰᠢᠭ︾ ᠲᠤᠰᠬᠠᠢ ᠲᠠᠯᠠᠪᠠᠢ ᠳᠠᠭᠤᠤ ᠬᠥᠭᠵᠢᠮ ᠤᠨ ᠦᠳᠡᠰᠢᠯᠡᠭᠡ ᠭᠦᠭᠡᠬᠤᠳᠠ ᠳᠠᠬᠢ ᠥᠪᠥᠷ | ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠭᠤᠶᠢᠳᠠ ᠰᠠᠶᠢᠬᠠᠨ ᠶᠠᠪᠤᠭᠳᠠᠵᠤ᠂ ᠦᠵᠡᠭᠴᠢᠳ ᠢᠶᠠᠨ | ᠪᠠᠶᠠᠰᠬᠠᠭᠰᠠᠨ ᠢᠶᠠᠷ ᠪᠠᠷᠠᠬᠤ ᠦᠭᠡᠢ ᠤᠯᠠᠮᠵᠢᠯᠠᠯᠲᠤ ᠳᠠᠭᠤᠤ ᠤᠷᠠᠯᠢᠭ ᠤᠨ ᠤᠯᠠᠮᠵᠢᠯᠠᠯ ᠪᠠ ᠳᠡᠯᠭᠡᠷᠡᠭᠦᠯᠦᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠵᠡᠢ᠃ | ᠲᠤᠰ ᠤᠳᠠᠭᠠᠨ ᠤ ᠳᠠᠭᠤᠤ ᠬᠥᠭᠵᠢᠮ ᠤᠨ ᠦᠳᠡᠰᠢᠯᠡᠭᠡ ᠶᠢ ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ | ᠳᠠᠭᠤᠤ ᠬᠥᠭᠵᠢᠮ ᠤᠨ ᠪᠦᠯᠭᠦᠮ ᠠᠴᠠ ᠭᠤᠣᠯᠯᠠᠨ ᠲᠣᠭᠯᠠᠵᠤ᠂ ᠤᠷᠲᠤ ᠶᠢᠨ ᠳᠠᠭᠤᠤ᠂ ᠬᠥᠭᠡᠮᠡᠢ᠂ ᠮᠣᠷᠢᠨ ᠬᠤᠭᠤᠷ᠂ ᠦᠨᠳᠦᠰᠦᠲᠡᠨ ᠤ ᠨᠠᠶᠢᠷᠠᠯ ᠬᠥᠭᠵᠢᠮ ᠢ | ᠡᠪᠲᠡᠶᠢᠬᠡᠨ ᠠᠭᠤᠰᠬᠠᠨ ᠲᠣᠭᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠠᠶᠢᠭᠠᠯᠢ ᠠᠬᠤᠢ ᠪᠣᠯᠣᠨ ᠬᠥᠮᠥᠨ ᠠᠷᠠᠳ ᠤᠨ ᠥᠭᠭᠢᠶᠡᠮᠦᠷ ᠴᠠᠶᠢᠯᠭᠠᠨ | ᠵᠠᠩ ᠠᠷᠠᠨᠰᠢᠨ ᠪᠠ ᠠᠭᠤᠳᠠᠮᠴᠢ ᠰᠡᠳᠬᠢᠯ ᠢ ᠬᠠᠷᠠᠭᠤᠯᠵᠠᠢ᠃ ᠤᠷᠲᠤ ᠶᠢᠨ ᠳᠠᠭᠤᠤ ︽ᠡᠷ᠎ᠡ ᠪᠣᠷᠣ ᠬᠠᠷᠴᠠᠭᠠᠢ︾᠂ ︽ᠭᠠᠩᠭᠠᠩ ᠬᠠᠷ᠎ᠠ︾᠂ ᠠᠷᠠᠳ ᠤᠨ ᠳᠠᠭᠤᠤ | ︽ᠲᠦᠷᠪᠡᠨ ᠠᠭᠤᠯᠠ︾᠂ ᠲᠤᠤᠯᠢ ︽ᠵᠠᠩᠭᠠᠷ︾ ᠨᠢ ᠠᠭᠤᠳᠠᠮ ᠲᠠᠯ᠎ᠠ ᠶᠢᠨ ᠥᠷᠥᠴᠡᠨ ᠳᠠᠬᠢ ᠠᠮᠤᠭᠤᠯᠠᠩ ᠲᠠᠶᠢᠪᠤᠩ ᠠᠮᠢᠳᠤᠷᠠᠯ᠂ ᠥᠨᠢᠷ ᠰᠦᠷᠦᠭ᠂ ᠲᠠᠯ᠎ᠠ | ᠨᠤᠲᠤᠭ᠋ ᠤᠨ ᠲᠤᠮᠤᠭ ᠬᠠᠭᠤᠴᠢ᠂ ᠲᠡᠦᠬᠡ ᠰᠣᠶᠣᠯ ᠵᠢᠴᠢ ᠠᠷᠠᠳ ᠲᠦᠮᠡᠨ ᠤ ᠶᠢᠷᠲᠢᠨᠴᠦ ᠶᠢᠨ ᠦᠵᠡᠯᠲᠡ᠂ ᠭᠦᠨ ᠤᠬᠠᠭᠠᠨ ᠤ ᠷᠢᠳᠢ ᠰᠢᠳᠢ ᠶᠢ ᠭᠦᠨᠵᠡᠭᠡᠢ | ᠢᠯᠡᠷᠡᠭᠦᠯᠦᠭᠰᠡᠨ᠋ ᠢᠶᠠᠷ ᠦᠳᠡᠰᠢᠯᠡᠭᠡ ᠶᠢᠨ ᠰᠠᠨᠠᠭ᠎ᠠ ᠠᠬᠤᠢ ᠤᠯᠠᠮ ᠪᠠᠶᠠᠯᠢᠭ ᠰᠠᠶᠢᠬᠠᠨ ᠪᠣᠯᠵᠠᠢ᠃ | ᠳᠠᠯᠠᠪᠠᠢ ᠪᠠᠭᠲᠠᠵᠤ ᠶᠠᠳᠠᠲᠠᠯ᠎ᠠ ᠰᠠᠭᠤᠯᠴᠠᠭᠰᠠᠨ ᠦᠵᠡᠭᠴᠢᠳ ᠰᠢᠮᠡᠲᠡᠢ ᠰᠣᠨᠣᠰᠤᠨ ᠪᠠᠭ᠋ᠠᠳᠤᠨ ᠰᠣᠨᠢᠷᠬᠠᠬᠤ᠂ ᠲᠤᠬᠳᠤᠯᠤᠬᠰᠠᠨ ᠰᠡᠳᠬᠢᠯ ᠢᠶᠠᠨ ᠳᠠᠷᠤᠵᠤ | ᠶᠠᠳᠠᠨ ᠪᠠᠶᠢᠨ ᠪᠠᠶᠢᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠨᠠ᠃ ᠦᠳᠡᠰᠢᠯᠡᠭᠡ ᠳᠤ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ ᠵᠠᠭᠳᠠᠰᠦ᠋ᠷᠦᠩ᠂ ᠮᠣᠷᠢᠨ | ᠬᠤᠭᠤᠷ ᠤᠨ ᠶᠡᠭᠡ ᠪᠠᠭᠰᠢᠲᠠᠨ ᠴᠢ᠊·ᠪᠤᠯᠠᠭ ᠵᠡᠷᠭᠡ ᠠᠯᠳᠠᠷᠲᠤ ᠤᠷᠠᠯᠢᠭᠴᠢᠳ ᠢ ᠤᠷᠢᠨ ᠣᠷᠣᠯᠴᠠᠭᠤᠯᠵᠤ᠂ ᠵᠠᠭᠳᠠᠰᠦ᠋ᠷᠦᠩ ᠤᠯᠠᠨ ᠱᠠᠪᠢ ᠨᠠᠷ ᠲᠠᠢ ᠪᠠᠨ ᠤᠷᠲᠤ ᠶᠢᠨ | ᠳᠠᠭᠤᠤ ︽ᠨᠠᠷᠠᠨ ᠮᠡᠲᠦ ᠮᠠᠨᠳᠤᠬᠤ︾ ᠶᠢ ᠴᠤᠭᠤᠷᠳᠠᠨ ᠳᠠᠭᠤᠯᠠᠵᠤ᠂ ᠲᠠᠯ᠎ᠠ ᠨᠤᠲᠤᠭ ᠤᠨ ᠰᠦᠷ ᠵᠢᠪᠬᠤᠯᠠᠩ᠂ ᠦᠶ᠎ᠡ ᠦᠶ᠎ᠡ ᠶᠢᠨ ᠤᠷᠲᠦ ᠶᠢᠨ ᠳᠠᠭᠤᠴᠢᠳ ᠤᠨ | ᠥᠪ ᠤᠯᠠᠮᠵᠢᠯᠠᠯ ᠪᠠ ᠤᠷ᠎ᠠ ᠮᠡᠷᠭᠡᠵᠢᠯ ᠢ ᠦᠵᠡᠭᠦᠯᠪᠡ᠃ ᠴᠢ᠊·ᠪᠤᠯᠠᠭ ᠱᠠᠪᠢ ᠨᠠᠷ ᠲᠠᠢ ᠪᠠᠨ ᠬᠤᠭᠤᠷᠳᠠᠭᠰᠠᠨ ᠰᠣᠩᠭᠤᠳᠠᠭ ᠬᠥᠭᠵᠢᠮ ︽ᠲᠦᠮᠡᠨ ᠠᠭᠲᠠ ᠶᠢᠨ | ᠲᠦᠪᠡᠷᠭᠡᠨ︾ ᠨᠢ ᠦᠳᠡᠰᠢᠯᠡᠭᠡ ᠶᠢ ᠣᠷᠭᠢᠯᠤᠭᠤᠯᠤᠨ ᠴᠠᠯᠭᠢᠯᠠᠭᠤᠯᠵᠤ᠂ ᠮᠣᠷᠢᠨ ᠬᠤᠭᠤᠷ ᠤᠨ ᠭᠠᠶᠢᠬᠠᠮᠰᠢᠭ ᠪᠣᠯᠣᠨ ᠰᠣᠩᠭᠤᠳᠠᠭ ᠢᠵᠠᠭᠤᠷ ᠤᠷᠠᠯᠢᠭ ᠤᠨ | ᠥᠪᠡᠷᠮᠢᠴᠡ ᠬᠦᠴᠦᠨ᠋ ᠢ ᠢᠯᠡᠷᠡᠭᠦᠯᠪᠡ᠃ | | | |