ᠤᠷᠴᠥᠨ ᠦᠨᠳᠦᠰᠦᠲᠡᠨ ᠤ ᠪᠠᠶᠠᠷ ᠤᠨ ᠡᠳᠦᠷ -- ᠭᠦ᠋ ᠯᠦᠨ ᠮᠦ ᠲᠠ ᠪᠠᠶᠠᠷ
ᠨᠡᠶᠢᠲᠡᠯᠡᠭᠰᠡᠨ ᠴᠠᠭ᠄
2024/11/28
    ᠣᠷᠴᠣᠨ ᠦᠨᠳᠦᠰᠦᠲᠡᠨ ᠪᠣᠯ ᠮᠠᠨ ᠤ ᠤᠯᠤᠰ ᠤᠨ ᠬᠥᠮᠦᠨ ᠠᠮᠠ ᠪᠠᠷ ᠴᠥᠭᠡᠪᠲᠦᠷ ᠴᠥᠭᠡᠨ ᠲᠣᠭᠠᠲᠤ ᠦᠨᠳᠦᠰᠦᠲᠡᠨ ᠤ ᠨᠢᠭᠡ ᠪᠣᠯᠤᠨ᠎ᠠ᠂ ᠡᠷᠲᠡᠨ ᠠᠴᠠ  ᠠᠪᠤᠭᠠᠳ ᠬᠠᠷᠠᠮᠥ᠋ᠷᠡᠨ ᠤ ᠰᠠᠪᠠ ᠭᠠᠵᠠᠷ ᠪᠣᠯᠤᠨ ᠶᠡᠭᠡ ᠪᠠᠭ᠎ᠠ ᠬᠢᠩᠭᠠᠨ ᠳᠠᠪᠠᠭ᠎ᠠ ᠶᠢᠨ ᠢᠭᠴᠤ ᠣᠶ ᠳᠤ ᠦᠷᠡᠵᠢᠨ ᠠᠮᠢᠳᠤᠷᠠᠵᠤ᠂ ᠦᠶ᠎ᠡ ᠤᠯᠠᠷᠢᠨ ᠠᠩ ᠠᠩᠨᠠᠵᠤ  ᠠᠮᠢᠳᠤᠷᠠᠭᠰᠠᠭᠠᠷ ᠢᠷᠡᠭᠰᠡᠨ ᠶᠤᠮ᠃   ᠡᠶᠢᠮᠦᠷᠬᠦᠦ ᠥᠪᠡᠷᠮᠢᠴᠡ ᠤᠡᠴᠠᠯᠢᠭ ᠲᠠᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠨᠢ ᠤᠯᠠᠮᠵᠢᠯᠠᠯᠲᠤ ᠪᠠᠶᠠᠷ ᠤᠨ  ᠡᠳᠦᠷ -- ᠭᠦ᠋ ᠯᠦᠨ ᠮᠦ ᠲᠠ ᠪᠠᠶᠠᠷ ᠢ ᠪᠦᠷᠢᠯᠳᠦᠭᠦᠯᠪᠡ᠃   《ᠭᠦ᠋ ᠯᠦᠨ ᠮᠦ ᠲᠠ 》ᠭᠡᠳᠡᠭ ᠨᠢ ᠣᠷᠴᠣᠨ ᠬᠡᠯᠡ᠂ ᠭᠠᠯ ᠤᠨ ᠰᠠᠬᠢᠭᠤᠯᠰᠤᠨ ᠢ ᠳᠠᠬᠢᠬᠤ ᠭᠡᠰᠡᠨ ᠤᠳᠬ᠎ᠠ ᠲᠠᠢ᠃ ᠮᠦᠨᠴᠦ ᠲᠤᠰ ᠪᠠᠶᠠᠷ ᠨᠢ ᠭᠠᠯ ᠲᠠᠬᠢᠬᠤ  ᠶᠣᠰᠣᠯᠠᠯ ᠠᠴᠠ ᠬᠤᠪᠢᠷᠠᠵᠤ ᠢᠷᠡᠭᠰᠡᠨ ᠶᠤᠮ᠃  ᠡᠷᠲᠡᠨ ᠠᠴᠠ ᠠᠪᠤᠭᠠᠳ ᠣᠷᠴᠣᠨᠴᠤᠳ ᠵᠢᠯ ᠴᠠᠭᠠᠨ ᠰᠠᠷ᠎ᠠ ᠪᠤᠶᠤ ᠥᠯᠵᠡᠶᠢᠲᠦ ᠡᠳᠦᠷ ᠪᠣᠯᠬᠤ ᠪᠦᠷᠢ ᠠᠶᠢᠯ  ᠡᠷᠦᠬᠡ ᠪᠣᠯᠭᠠᠨ ᠥᠪᠡᠷ ᠤᠨ ᠡᠭᠦᠳᠡᠨ ᠡᠮᠦᠨ᠎ᠡ ᠪᠠᠨ ᠲᠦᠳᠡᠭ ᠭᠠᠯ ᠨᠣᠴᠣᠭᠠᠵᠤ᠂ ᠬᠦᠵᠢ ᠠᠰᠠᠭᠠᠨ ᠰᠥᠭᠦᠳᠴᠦ ᠵᠠᠯᠪᠠᠷᠢᠨ ᠂ ᠭᠠᠯ ᠤᠨ ᠰᠠᠬᠢᠭᠤᠯᠰᠤᠨ ᠠᠮᠤᠷ  ᠠᠮᠤᠭᠤᠯᠠᠩ ᠢ ᠢᠪᠡᠭᠡᠬᠦ ᠪᠣᠯᠪᠠᠤ ᠭᠡᠵᠦ ᠳᠠᠭᠠᠳᠬᠠᠳᠠᠭ ᠪᠠᠶᠢᠵᠠᠶ᠃ ᠬᠤᠭᠤᠯᠠᠨ ᠠᠴᠠ ᠡᠮᠦᠨ᠎ᠡ ᠭᠠᠯ ᠳᠤ ᠪᠠᠨ ᠠᠷᠢᠬᠢ ᠰᠠᠷᠬᠤᠳ᠂ ᠮᠢᠬ᠎ᠠ ᠪᠠᠨ ᠡᠷᠭᠦᠳᠡᠭ᠃ ᠢᠩᠭᠢᠭᠡᠳ ᠯᠡ ᠦᠶ᠎ᠡ ᠤᠯᠠᠷᠢᠨ ᠤᠯᠠᠮᠵᠢᠯᠠᠭᠳᠠᠭᠰᠠᠨ ᠠᠷᠠᠳ ᠤᠨ ᠵᠠᠩ ᠵᠠᠩᠰᠢᠯ ᠪᠣᠯᠤᠭᠰᠠᠨ ᠪᠠᠶᠢᠨ᠎ᠠ.᠃     ᠣᠷᠴᠣᠨ ᠦᠨᠳᠦᠰᠦᠲᠡᠨ ᠤ《ᠭᠦ᠋ ᠯᠦᠨ ᠮᠦ ᠲᠠ 》ᠪᠠᠶᠠᠷ ᠤᠨ ᠠᠵᠢᠯᠯᠠᠭ᠎ᠠ  ᠨᠢ ᠵᠢᠯ ᠪᠦᠷᠢ ᠶᠢᠨ ᠬᠠᠪᠤᠷ ᠤᠨ ᠤᠯᠠᠷᠢᠯ ᠳᠤ ᠶᠠᠪᠤᠭᠳᠠᠬᠤ ᠵᠠᠩᠰᠢᠯ ᠲᠠᠢ᠂  ᠲᠤᠬᠠᠢ ᠶᠢᠨ ᠦᠶ᠎ᠡ ᠳᠤ ᠬᠥᠮᠦᠰ ᠰᠠᠶᠢᠨ ᠠᠷᠢᠬᠢ ᠰᠠᠶᠢᠨ ᠮᠢᠬ᠎ᠠ ᠵᠢᠴᠢ ᠮᠠᠶᠢᠬᠠᠨ ᠵᠡᠷᠭᠡ ᠶᠠᠭᠤᠮ᠎ᠠ ᠪᠠᠨ ᠠᠪᠴᠤ ᠮᠣᠷᠢ ᠪᠠᠨ ᠤᠨᠤᠵᠤ ᠲᠣᠭᠲᠠᠭᠰᠠᠨ ᠭᠠᠵᠠᠷ ᠲᠠᠭᠠᠨ  ᠬᠦᠷᠴᠦ ᠠᠵᠢᠯᠯᠠᠭ᠎ᠠ ᠳᠤ ᠣᠷᠣᠯᠴᠠᠳᠠᠭ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠬᠥᠳᠡᠯᠭᠡᠭᠡᠨ ᠤ  ᠠᠭᠤᠯᠭ᠎ᠠ ᠮᠠᠰᠢ ᠪᠠᠶᠠᠯᠢᠭ᠂ ᠡᠳᠦᠷ ᠲᠡᠭᠡᠨ ᠮᠣᠷᠢ  ᠤᠷᠤᠯᠳᠤᠬᠤ᠂ ᠰᠤᠷ ᠬᠠᠷᠪᠤᠬᠤ᠂  ᠫᠤᠤ ᠫᠤᠤᠳᠠᠬᠤ᠂ ᠪᠥᠬᠡ ᠪᠠᠷᠢᠯᠳᠤᠬᠤ ᠪᠠ ᠳᠠᠭᠤᠤ ᠳᠠᠭᠤᠯᠠᠬᠤ᠂ ᠪᠥᠵᠢᠭᠯᠡᠬᠦ᠂ ᠦᠯᠢᠭᠡᠷ ᠶᠠᠷᠢᠬᠤ᠂ ᠰᠢᠲᠠᠷ᠎ᠠ ᠲᠠᠯᠪᠢᠬᠤ᠂  ᠮᠣᠳᠣᠨ ᠫᠠᠢ ᠨᠠᠭᠠᠳᠬᠤ ᠵᠡᠷᠭᠡ ᠰᠣᠶᠣᠯ ᠲᠠᠮᠢᠷ ᠤᠨ ᠬᠥᠳᠡᠯᠭᠡᠭᠡᠨ ᠬᠢᠳᠡᠭ᠃ ᠰᠥᠨᠢ ᠲᠦᠳᠡᠭ ᠭᠠᠯ ᠲᠦᠯᠡᠵᠦ ᠂ ᠳᠡᠭᠡᠳᠦᠰ ᠢᠶᠠᠨ ᠲᠠᠬᠢᠨ᠎ᠠ᠃   《ᠭᠦ᠋ ᠯᠦᠨ ᠮᠦ ᠲᠠ 》ᠪᠠᠶᠠᠷ ᠨᠢ ᠳᠠᠩ ᠭᠠᠭᠴᠠ ᠰᠠᠬᠢᠭᠤᠯᠰᠤᠨ ᠢᠶᠠᠨ ᠲᠠᠬᠢᠬᠤ ᠡᠳᠦᠷ ᠪᠢᠰᠢ᠂ ᠪᠠᠰᠠ ᠪᠠᠶᠠᠯᠢᠭ ᠰᠣᠶᠣᠯ ᠤᠨ ᠠᠭᠤᠯᠬᠤᠨ ᠲᠠᠢ ᠶᠤᠮ᠃  ᠭᠡᠪᠠᠴᠦ᠂ ᠲᠡᠦᠬᠡ ᠶᠢᠨ ᠰᠢᠯᠲᠠᠭᠠᠨ ᠠᠴᠠ ᠪᠣᠯᠵᠤ᠂ 《ᠭᠦ᠋ ᠯᠦᠨ ᠮᠦ ᠲᠠ 》ᠪᠠᠶᠠᠷ ᠨᠢ ᠮᠠᠰᠢ ᠤᠷᠲᠤ ᠬᠤᠭᠤᠴᠠᠭ᠎ᠠ ᠪᠠᠷ ᠠᠵᠢᠯᠯᠠᠭ᠎ᠠ ᠪᠠᠨ ᠵᠣᠭᠰᠣᠵᠤ᠂  ᠣᠶᠢᠷ᠎ᠠ ᠶᠢᠨ ᠬᠡᠳᠦᠨ ᠵᠢᠯ ᠳᠤ ᠣᠯᠠᠨ ᠲᠦᠮᠡᠨ ᠠᠶᠠᠨᠳᠠᠭᠠᠨ ᠰᠡᠷᠭᠦᠭᠰᠡᠨ ᠪᠣᠯᠪᠠᠴᠤ᠂ ᠠᠵᠢᠯᠯᠠᠭᠠᠨ ᠤ ᠬᠡᠯᠪᠡᠷᠢ ᠪᠣᠯᠤᠨ ᠠᠭᠤᠯᠭ᠎ᠠ  ᠨᠢ ᠮᠠᠰᠢ ᠶᠡᠭᠡ ᠬᠤᠪᠢᠷᠠᠯᠲᠠ  ᠭᠠᠷᠴᠤ᠂ ᠵᠠᠷᠢᠮ ᠤᠯᠠᠮᠵᠢᠯᠠᠯᠲᠤ ᠠᠵᠢᠯᠯᠠᠭ᠎ᠠ ᠨᠢ ᠤᠰᠠᠳᠬᠤ ᠰᠢᠬᠠᠭᠰᠠᠨ ᠪᠠᠶᠢᠨ᠎ᠠ᠃ ᠡᠶᠢᠮᠦ ᠠᠴᠠ᠂ ᠡᠨᠡ ᠬᠦ ᠵᠠᠩ ᠥᠢᠯᠨ ᠶᠢᠨ ᠪᠠᠶᠠᠷ ᠳᠤᠷᠠᠰᠬᠠᠯ ᠤᠨ ᠡᠳᠦᠷ ᠢ  ᠬᠠᠮᠠᠭᠠᠯᠠᠬᠤ ᠨᠢ ᠪᠠᠴᠢᠮ ᠲᠤᠯᠭᠠᠮ᠎ᠠ ᠶᠤᠮ᠃     ᠤᠯᠤᠰ ᠠᠴᠠ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢ ᠮᠠᠰᠢ ᠴᠢᠬᠤᠯᠠᠴᠢᠯᠠᠵᠤ᠂ 2006 ᠣᠨ ᠤ 5 ᠰᠠᠷ᠎ᠠ ᠶᠢᠨ 20 ᠤ  ᠡᠳᠦᠷ᠂ ᠲᠤᠰ ᠠᠷᠠᠳ ᠤᠨ ᠵᠠᠩ ᠦᠢᠯᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠨᠢᠭᠡᠳᠦᠭᠡᠷ ᠪᠦᠯᠦᠭ ᠤᠨ ᠤᠯᠤᠰ ᠤᠨ ᠳᠡᠰ ᠤᠨ  ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠣᠷᠣᠭᠤᠯᠪᠠ᠃       
ᠢᠷᠡᠯᠲᠡ᠄ ᠤᠷᠴᠥᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ