ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/29
       11 ᠰᠠᠷ᠎ᠠ ᠶᠢᠨ 26 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠵᠦ᠂ ᠬᠦᠯᠦᠨ ᠪᠤᠶᠢᠷ ᠬᠤᠲᠠ ᠠᠴᠠ ᠡᠸᠡᠩᠬᠢ‌ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠳᠠᠭᠠᠭᠠᠨ ᠬᠤᠯᠪᠣᠭᠠᠯᠠᠬᠤ ᠠᠵᠢᠯ ᠤᠨ ᠳᠤᠭᠤᠶᠢᠯᠠᠩ ᠤᠨ ᠳᠠᠷᠤᠭ᠎ᠠ ᠵᠣᠣ ᠳ᠋ᠠ ᠹᠦ᠋ ᠵᠢᠴᠢ ᠲᠡᠭᠦᠨ ᠤ ᠭᠡᠰᠢᠭᠦᠨ᠂ ᠸᠠᠩ ᠵᠢᠶᠦ᠋ᠨ᠂ ᠤᠤ ᠬᠤᠶ ᠷᠠᠨ᠂ ᠰᠣᠶᠣᠯᠮ᠎ᠠ ᠵᠡᠷᠭᠡ ᠬᠤᠰᠢᠭᠤᠨ ᠤ ᠤᠳᠤᠷᠢᠳᠤᠯᠭ᠎ᠠ᠂ ᠬᠤᠲᠠ ᠶᠢᠨ ᠣᠶ ᠰᠢᠭᠤᠢ ᠶᠢᠨ ᠪᠦᠯᠦᠭᠯᠡᠯ᠂ ᠥᠪᠥᠷ ᠮᠣᠩᠭᠤᠯ ᠤᠨ ᠮᠠᠯᠵᠢᠬᠤ ᠣᠷᠣᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠬᠤᠳᠠᠯᠳᠤᠭᠠᠨ ‍ᠤ‌ᠡᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠠᠨ ᠤ ᠬᠤᠰᠢᠭᠤᠨ ᠤ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠢ ᠪᠣᠯᠪᠠᠰᠤᠷᠠᠭᠤᠯᠤᠯ ᠳᠤ ᠣᠷᠣᠯᠴᠠᠭᠤᠯᠪᠠ᠃
20241128-1-1.jpg
       ᠪᠣᠯᠪᠠᠰᠤᠷᠠᠯ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠮᠠᠯᠵᠢᠬᠤ ᠣᠷᠣᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠬᠤᠳᠠᠯᠳᠤᠭᠠᠴᠢᠳ ᠤᠨ ᠡᠪᠯᠡᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢᠨ ᠰᠤᠳᠤᠯᠭᠠᠨ ᠤ ᠲᠥᠪ ᠤᠨ ᠵᠥᠪᠯᠡᠭᠴᠢ᠂ ᠤᠤᠯ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠤᠤᠯ ᠤᠨ ᠳᠤᠮᠳᠠᠳᠤ ᠤᠯᠤᠰ ᠤᠨ ᠤᠯᠠᠨ ᠤᠯᠤᠰ ᠤᠨ ᠠᠵᠤ ᠠᠬᠤᠢ ᠶᠢᠨ ᠰᠣᠯᠢᠯᠴᠠᠭᠠᠨ ᠤ ᠲᠥᠪ ᠤᠨ ᠣᠨᠴᠠ ᠤᠷᠢᠭᠰᠠᠨ ᠰᠤᠳᠤᠯᠤᠭᠴᠢ ᠪᠥᠬᠡᠴᠢᠯᠠᠭᠤ ︽ᠤᠯᠠᠮᠵᠢᠯᠠᠯᠲᠤ ᠮᠠᠯ ᠠᠵᠤ ᠠᠬᠤᠢ ᠠᠴᠠ ᠤᠳᠤ ᠦᠶ᠎ᠡ ᠶᠢᠨ ᠮᠠᠯ ᠠᠵᠤ ᠠᠬᠤᠢ ᠪᠣᠯᠭᠠᠨ ᠬᠤᠪᠢᠷᠠᠭᠤᠯᠬᠤ ᠶᠠᠪᠤᠴᠠ ᠶᠢ ᠬᠡᠷᠬᠢᠨ ᠲᠦᠷᠭᠡᠳᠬᠡᠬᠦ︾ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠵᠡᠢ᠃
20241128-1-2.jpg
    ᠪᠥᠬᠡᠴᠢᠯᠠᠭᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠭᠢᠴᠡᠭᠦᠯᠬᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠠᠴᠠ ᠡᠭᠦᠰᠴᠦ᠂ ᠬᠤᠷᠠᠯ ᠳᠤ ᠣᠷᠣᠯᠴᠠᠭᠰᠠᠳ ᠢ ᠬᠠᠪᠰᠤᠷᠤᠨ ᠦᠵᠡᠯ ᠰᠠᠨᠠᠭ᠎ᠠ ᠲᠠᠨᠢᠯᠲᠠ ᠶᠢ ᠨᠢ ᠳᠡᠭᠡᠭᠰᠢᠯᠡᠭᠦᠯᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠤᠯᠠᠮ ᠴᠢᠨᠠᠭᠰᠢᠳᠠ ᠲᠠᠨᠢᠭᠤᠯᠵᠠᠢ᠃ ᠲᠡᠷᠡᠴᠢᠯᠡᠨ ᠤᠯᠤᠰ ᠤᠨ ᠠᠯᠠᠰᠢᠨ ᠬᠤᠨᠢᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠡᠷᠢᠭᠦᠨ ᠰᠢᠨᠵᠢᠯᠡᠬᠦ ᠤᠬᠠᠭᠠᠨᠲᠠᠨ ᠶᠢᠨ ᠬᠠᠢ ᠵᠢᠴᠢ ᠲᠡᠭᠦᠨ ᠤ ᠪᠦᠯᠬᠦᠮ ᠤᠨ ᠰᠤᠳᠤᠯᠭᠠᠨ ᠤ ᠦᠷ᠎ᠡ ᠪᠦᠲᠦᠭᠡᠯ ᠲᠠᠢ ᠤᠶᠠᠯᠳᠤᠭᠤᠯᠵᠤ᠂ ᠨᠡᠷᠡᠨ ᠤ ᠭᠡᠷᠡᠯ ᠢᠶᠠᠷ ᠢᠯᠴᠢ ᠬᠠᠳᠠᠭᠠᠯᠠᠬᠤ ᠬᠤᠨᠢᠨ ᠤ ᠬᠠᠰᠢᠶ᠎ᠠ ᠪᠠᠷᠢᠬᠤ᠂ ᠠᠵᠤ ᠠᠬᠤᠢ ᠶᠢᠨ ᠡᠷᠯᠢᠰᠡᠵᠢᠭᠦᠯᠦᠨ ᠣᠷᠣᠯᠭ᠎ᠠ ᠶᠢ ᠨᠡᠮᠡᠭᠳᠡᠭᠦᠯᠬᠦ ᠵᠡᠷᠭᠡ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠯᠢ ᠣᠯᠠᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠷᠭ᠎ᠠ  ᠶᠢ ᠬᠤᠪᠢᠶᠠᠨ ᠡᠳ᠋ᠯᠡᠵᠦ᠂ ᠬᠤᠷᠠᠯ ᠳᠤ ᠣᠷᠣᠯᠴᠠᠭᠰᠠᠳ ᠢ ᠬᠠᠪᠰᠤᠷᠴᠤ ᠪᠠᠶᠢᠭᠠᠳ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ ᠳᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠠᠵᠤ ᠦᠢᠯᠡᠰ ᠢ ᠵᠣᠬᠢᠴᠠᠯᠳᠤᠭᠤᠯᠤᠨ ᠬᠥᠭᠵᠢᠭᠦᠯᠬᠦ ᠶᠢ ᠬᠡᠷᠬᠢᠨ ᠪᠡᠶᠡᠯᠡᠭᠦᠯᠬᠦ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠭᠠᠪᠠ᠃ ᠪᠣᠯᠪᠠᠰᠤᠷᠠᠭᠤᠯᠤᠯ ᠤᠨ ᠬᠤᠷᠠᠯ ᠤᠨ ᠠᠭᠤᠯᠭ᠎ᠠ ᠨᠢ ᠪᠦᠷᠢᠨ ᠲᠡᠭᠦᠯᠳᠡᠷ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠬᠤᠷᠠᠯ ᠳᠤ ᠣᠷᠣᠯᠴᠠᠭᠰᠠᠳ ᠤᠨ ᠬᠤᠶᠢᠰᠢᠳᠠ ᠶᠢᠨ ᠪᠣᠳᠠᠲᠠᠢ ᠠᠵᠢᠯ ᠤᠨ ᠳᠤᠮᠳᠠ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠪᠠᠶᠢᠵᠤ᠂ ᠮᠠᠨ ᠤ ᠬᠤᠰᠢᠭᠤᠨ ᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ