ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/29
       11 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠦ ᠴᠤᠸᠠᠨ ᠱᠧᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 111 ᠳ᠋ᠣᠭᠡᠷ ᠤᠳᠠᠭᠠᠨ ᠤ ᠬᠤᠷᠠᠯ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠰᠬᠠᠢ ᠳᠤᠭᠤᠶᠢᠯᠠᠩ ᠤᠨ ᠠᠯᠪᠠᠨ ᠭᠡᠷ ᠤᠨ ᠬᠢᠨ ᠪᠣᠯᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃
20241128-2-1.jpg
        ᠯᠦ ᠴᠤᠸᠠᠨ ᠱᠧᠨ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ︽ᠰᠠᠭᠤᠷᠢ︾ ᠪᠠ ᠠᠰᠠᠭᠤᠳᠠᠯ ᠤᠨ ᠳᠠᠯᠳᠠ ᠬᠡᠮ ᠤᠨ ᠴᠡᠭ ᠢ ︽ᠨᠢᠭᠡ ᠯᠡ ᠵᠢᠷᠤᠭ︾ ᠳᠡᠭᠡᠷ᠎ᠡ ᠣᠨᠣᠪᠴᠢᠲᠠᠶ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠠᠶᠤᠯ ᠲᠦᠭᠰᠢᠭᠦᠷᠢ ᠶᠢᠨ ᠴᠡᠭ᠂ ᠰᠡᠷᠭᠡᠭ ᠴᠡᠭ ᠢ ᠪᠥᠬᠦ ᠲᠠᠯ᠎ᠠ ᠪᠠᠷ ᠡᠵᠡᠮᠰᠢᠨ᠂ ︽ᠨᠢᠭᠡ ᠯᠡ ᠲᠣᠣᠷ︾ ᠳᠤ ᠣᠷᠣᠭᠤᠯᠤᠨ ᠴᠢᠩᠭ᠎ᠠ ᠬᠢᠨᠠᠨ ᠡᠵᠡᠮᠳᠡᠵᠦ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠠᠤᠯᠢ ᠲᠣᠭᠲᠠᠭᠠᠯ ᠤᠨ ᠪᠠᠷᠢᠮᠵᠢᠶ᠎ᠠ᠂ ᠬᠢᠨᠠᠨ ᠬᠡᠮᠵᠢᠵᠦ ᠦᠨᠡᠯᠡᠨ ᠵᠢᠱᠢᠬᠦ᠂ ᠬᠢᠨᠠᠯᠲᠠ ᠲᠠᠯᠪᠢᠬᠤ ᠰᠢᠰᠲ᠋ᠧᠮ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠶᠢᠨ ︽ᠵᠢᠷᠭᠤᠭ᠎ᠠ ᠶᠢ ᠨᠢᠭᠡᠳᠦᠯᠲᠡᠢ ᠲᠥᠯᠥᠪᠯᠡᠬᠦ︾ ᠶᠢ ᠪᠦᠬᠦ ᠲᠠᠯ᠎ᠠ  ᠪᠠᠷ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠢᠮᠠᠭᠲᠠ ᠲᠡᠷᠢᠭᠦᠨ ᠳᠤ ᠲᠠᠯᠪᠢᠵᠤ᠂ ᠪᠦᠬᠦ ᠡᠯᠧᠮᠧᠨ᠋ᠲ ᠪᠦᠬᠦ ᠲᠠᠯ᠎ᠠ ᠶᠢᠨ ᠵᠠᠰᠠᠯᠲᠠ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠲᠣᠭᠲᠠᠴᠠ ᠶᠢ ᠪᠠᠶᠢᠭᠤᠯᠵᠤ᠂ ᠴᠥᠬᠦᠷᠡᠰᠢ ᠦᠭᠡᠢ ᠴᠢᠷᠮᠠᠶᠢᠬᠤ ᠬᠠᠳᠠᠨ ᠵᠣᠷᠢᠭ ᠢᠶᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ