ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠠᠵᠢᠯ ‍ᠤᠨ‌ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/5
       ᠣᠶᠢᠷ᠎ᠠ ᠳᠤ᠂ ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠠᠵᠢᠯ ᠤᠨ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠶᠢᠨ ᠵᠢᠶᠦ᠋ᠨ ᠶᠢᠩ ᠬᠤᠷᠠᠯ ᠡᠷᠭᠢᠯᠡᠵᠦ᠂ ᠡᠯ᠎ᠡ ᠭᠠᠴᠠᠭᠠᠨ ᠤ ᠬᠠᠷᠢᠭᠤᠴᠠᠯᠭᠠᠲᠣ ᠤᠳᠤᠷᠢᠳᠤᠯᠭ᠎ᠠ᠂ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾ ᠵᠢᠴᠢ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠤᠤ ᠸᠧᠢ᠂ ᠰᠢᠶᠠᠩ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠪᠠ ᠦᠢᠯᠡᠴᠢᠯᠡᠭᠡᠨ ᠤ ᠲᠥᠪ ᠤᠨ ᠡᠷᠬᠢᠯᠡᠭᠴᠢ ᠢᠯᠠᠨ᠂ ᠠᠵᠢᠯᠲᠠᠨ ᠸᠠ ᠷᠧᠨ ᠬᠤᠷᠠᠯ ᠳᠤ ᠣᠷᠣᠯᠴᠠᠵᠠᠢ᠃
20241105-1-1.png
       ᠬᠤᠷᠠᠯ ᠳᠡᠭᠡᠷ᠎ᠡ᠂ ᠶᠢᠨ ᠵᠢᠶᠦ᠋ᠨ ᠶᠢᠩ ᠣᠳᠣᠬᠠᠨ ᠤ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠤᠨ ᠬᠦᠨᠳᠦ ᠨᠣᠴᠢᠲᠠᠢ ᠴᠢᠨᠠᠷ ᠢ ᠴᠢᠬᠤᠯᠠᠴᠢᠯᠠᠵᠤ᠂ ᠰᠤᠮᠤ ᠰᠢᠶᠠᠩ ᠪᠠᠯᠭᠠᠰᠤᠨ ᠤ ᠳᠥᠷᠪᠡᠳᠦᠭᠡᠷ ᠤᠯᠠᠷᠢᠯ ᠤᠨ ᠮᠠᠯ ᠤᠨ ᠲᠤᠭ᠎ᠠ ᠪᠦᠷᠢᠳᠬᠡᠯ ᠤᠨ ᠠᠵᠢᠯ᠂ ᠲᠠᠷᠢᠶᠠᠴᠢᠳ ᠤᠨ ᠭᠥᠯᠢᠶᠡᠨ ᠠᠪᠤᠭᠰᠠᠨ ᠬᠡᠮᠵᠢᠶ᠎ᠡ ᠵᠢᠴᠢ ᠣᠶᠢᠯᠠᠭᠠᠵᠤ ᠮᠡᠳᠡᠭᠰᠡᠨ ᠬᠡᠮᠵᠢᠶ᠎ᠡ ᠶᠢᠨ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠲᠠᠶᠢᠯᠪᠤᠷᠢᠯᠠᠪᠠ᠃ ᠰᠢᠶᠠᠩ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠪᠠ ᠦᠢᠯᠡᠴᠢᠯᠡᠭᠡᠨ ᠤ ᠲᠥᠪ ᠤᠨ ᠡᠷᠬᠢᠯᠡᠭᠴᠢ ᠢᠯᠠᠨ ᠮᠠᠨ ᠤ ᠰᠢᠶᠠᠩ ᠤᠨ ᠣᠳᠣᠬᠠᠨ ᠳᠤ ᠭᠤᠣᠯᠳᠠᠭᠤ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠡᠮᠬᠢ ᠵᠢᠷᠤᠮ ᠲᠠᠢ ᠪᠠᠷ ᠰᠢᠢᠳᠪᠦᠷᠢᠯᠡᠬᠦ ᠬᠡᠳᠦᠨ ᠵᠦᠢᠯ ᠤᠨ ᠭᠤᠣᠯ ᠠᠷᠭ᠎ᠠ ᠬᠡᠯᠪᠡᠷᠢ ᠶᠢ ᠲᠠᠨᠢᠯᠴᠠᠭᠤᠯᠤᠭᠰᠠᠨ ᠪᠥᠭᠡᠳ ᠨᠠᠷᠢᠨ ᠠᠵᠢᠯ ᠤᠨ ᠱᠠᠭᠠᠷᠳᠠᠯᠭ᠎ᠠ ᠶᠢ ᠴᠢᠬᠤᠯᠠᠴᠢᠯᠠᠪᠠ᠃ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠤᠤ ᠸᠧᠢ ᠢᠯᠡᠷᠬᠡᠶᠢᠯᠡᠬᠦ ᠳᠡᠭᠡᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠭᠤᠮᠲᠠ ᠬᠠᠰᠢᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠵᠢᠴᠢ ᠬᠢᠯᠢ ᠪᠠᠷ ᠣᠷᠣᠵᠤ ᠭᠠᠷᠬᠤ ᠮᠠᠯ ᠢ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ ᠭᠡᠵᠡᠢ᠃       ᠬᠤᠷᠠᠯ ᠳᠤ ᠤᠷᠤᠯᠴᠠᠭᠰᠠᠳ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢᠨ ᠴᠢᠬᠤᠯᠠ ᠴᠢᠨᠠᠷ ᠪᠠ ᠶᠠᠭᠠᠷᠠᠪᠴᠢᠯᠠᠬᠤ ᠣᠬᠠᠮᠰᠠᠷ ᠢ ᠭᠦᠢᠴᠡᠳ ᠲᠠᠨᠢᠵᠤ᠂ ᠡᠯ᠎ᠡ ᠭᠠᠴᠠᠭᠠᠨ ᠤ ᠬᠠᠷᠢᠭᠤᠴᠠᠯᠭᠠᠲᠣ ᠤᠳᠤᠷᠢᠳᠤᠯᠭ᠎ᠠ᠂ ᠨᠠᠮ ᠤᠨ ᠡᠭᠦᠷ ᠤᠨ ᠱᠦᠵᠢ ᠵᠢᠴᠢ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾ ᠠᠴᠠ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠳᠤ ᠢᠳᠡᠪᠬᠢᠲᠡᠢ ᠬᠠᠮᠵᠢᠯᠴᠠᠵᠤ᠂ ᠨᠤᠲᠤᠭ ᠪᠡᠯᠴᠢᠭᠡᠷ ᠮᠠᠯᠵᠢᠯ ᠤᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠨ᠎ᠠ ᠭᠡᠵᠦ ᠢᠯᠡᠷᠬᠡᠶᠢᠯᠡᠵᠡᠢ᠃
20241105-1-2.png
       ᠲᠣᠰ ᠤᠳᠠᠭᠠᠨ ᠤ ᠠᠬᠢᠭᠤᠯᠬᠤ ᠬᠤᠷᠠᠯ ᠨᠢ ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ ᠤᠨ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠯ ᠪᠠ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠲᠤᠭᠲᠠᠩᠭᠤᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠪᠥᠬᠦ ᠰᠢᠶᠠᠩ ᠤᠨ ᠬᠠᠮᠲᠤ ᠶᠢᠨ ᠴᠢᠷᠮᠠᠶᠢᠯᠭ᠎ᠠ ᠪᠠᠷ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠯᠠᠪᠲᠠᠢ ᠪᠦᠲᠦᠮᠵᠢᠲᠡᠶ ᠰᠢᠢᠳᠪᠦᠷᠢᠯᠡᠵᠦ᠂ ᠦᠵᠡᠰᠬᠦᠯᠡᠩᠲᠦ ᠰᠠᠶᠢᠬᠠᠨ ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠢᠲᠡᠭᠡᠵᠦ ᠪᠠᠶᠢᠨ᠎ᠠ ᠭᠡᠵᠡᠢ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ