ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/5
20241105-2-1.jpg
       ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠨᠤᠯ ᠤᠨ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠤ ᠬᠡᠷᠡᠭ ᠢ ᠰᠢᠢᠳᠪᠦᠷᠢᠯᠡᠬᠦ ᠴᠢᠳᠠᠪᠤᠷᠢ ᠪᠣᠯᠣᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 1 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠵᠡᠢ᠃       ᠬᠤᠷᠠᠯ ᠳᠡᠭᠡᠷ᠎ᠡ᠂ ᠪᠠᠶᠢᠴᠠᠭᠠᠬᠤ ᠠᠵᠢᠯᠲᠠᠳ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ︾ ︽︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ﹀ ᠤᠨ ᠲᠠᠶᠢᠯᠤᠮᠵᠢ︾ ᠶᠢᠨ ᠤᠬᠠᠭᠤᠯᠤᠨ ᠲᠠᠶᠢᠯᠪᠤᠷᠢᠯᠠᠭᠰᠠᠨ ᠸᠢᠳᠢᠤ᠋ ᠶᠢ ᠲᠥᠪᠯᠡᠷᠡᠭᠦᠯᠦᠨ ᠰᠣᠷᠣᠯᠴᠠᠪᠠ᠃ ᠰᠤᠷᠤᠯᠴᠠᠬᠤ ᠪᠠᠷ ᠲᠠᠮᠵᠢᠨ᠂ ᠪᠠᠶᠢᠴᠠᠭᠠᠬᠤ ᠠᠵᠢᠯᠲᠠᠳ‌ᠨᠠᠮ ᠤᠨ ᠦᠨᠳᠦᠰᠦᠲᠡᠨ ᠤ ᠠᠵᠢᠯ ᠤᠨ ᠲᠤᠬᠠᠢ ᠨᠡᠩ ᠲᠣᠳᠣᠷᠬᠠᠢ ᠣᠶᠢᠯᠠᠭᠠᠯᠲᠠ ᠲᠠᠢ ᠪᠤᠯᠵᠤ᠂ ᠪᠣᠳᠠᠲᠠᠢ ᠠᠵᠢᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠲᠤ ᠪᠠᠬᠢ ᠪᠤᠢ ᠪᠣᠯᠭᠠᠬᠤ ᠲᠠᠯ᠎ᠠ ᠪᠠᠷ ᠨᠡᠩ ᠲᠣᠳᠣᠷᠬᠠᠢ ᠴᠢᠭᠯᠡᠯ ᠲᠠᠢ ᠪᠣᠯᠭᠠᠵᠠᠢ᠃       ᠲᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠪᠠᠶᠢᠴᠠᠭᠠᠬᠤ ᠠᠵᠢᠯ ᠤᠨ ᠭᠦᠨᠵᠡᠭᠡᠢ ᠠᠭᠤᠰᠤᠯᠴᠠᠯ ᠢ ᠪᠠᠲᠤ ᠪᠠᠬᠢ ᠪᠣᠶ ᠪᠣᠯᠭᠠᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠨ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠶᠢᠴᠠᠭᠠᠬᠤ ᠬᠦᠴᠦᠨ ᠢᠶᠠᠨ ᠨᠡᠮᠡᠷᠢᠯᠡᠨ᠎ᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ