ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠤᠰᠢᠭᠤᠨ ᠤ ᠬᠡᠪᠴᠢᠶᠡᠨ ᠳᠤ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/6
 
20241106-1-1.jpg
       11 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠤᠰᠢᠭᠤᠨ ᠤ ᠬᠡᠪᠴᠢᠶᠡᠨ ᠳᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤᠨ ᠤ ᠳᠣᠲᠣᠷᠠᠬᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ᠂ ᠬᠠᠮᠢᠶ᠎ᠠ ᠪᠦᠬᠦᠢ ᠠᠵᠢᠯᠲᠠᠨ ᠨᠡᠶᠢᠲᠡ 20 ᠭᠠᠷᠤᠢ ᠬᠥᠮᠥᠨ ᠣᠷᠣᠯᠴᠠᠵᠠᠢ᠃       ᠬᠤᠷᠠᠯ ᠳᠡᠭᠡᠷ᠎ᠡ ᠡᠪᠦᠯ ᠤᠨ ᠤᠯᠠᠷᠢᠯ ᠤᠨ ᠵᠤᠭᠠᠴᠠᠯ ᠤᠨ ᠵᠠᠮ ᠱᠤᠭᠤᠮ᠂ ᠵᠤᠭᠠᠴᠠᠯ ᠤᠨ ᠪᠦᠲᠦᠭᠡᠭᠳᠡᠬᠦᠨ ᠤ ᠲᠥᠯᠦᠪᠵᠢᠭᠦᠯᠭᠡ᠂ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ᠂ ᠬᠥᠯᠥᠨ ᠪᠤᠶᠢᠷ ᠤᠨ︽ᠡᠮᠦᠨ᠎ᠡ ᠱᠤᠭᠤᠮ︾  ᠤᠨ ᠵᠤᠭᠠᠴᠠᠯ ᠢ ᠪᠦᠬᠦ ᠬᠦᠴᠦᠨ ᠢᠶᠠᠷ ᠠᠬᠢᠭᠤᠯᠬᠤ ᠲᠠᠯ᠎ᠠ ᠪᠠᠷ ᠲᠤᠳᠤᠷᠬᠠᠢ ᠰᠠᠨᠠᠯ ᠰᠠᠨᠠᠭᠤᠯᠭ᠎ᠠ ᠳᠤᠷᠠᠳᠴᠠᠢ᠃      ᠲᠤᠰ ᠤᠳᠠᠭᠠᠨ ᠤ ᠰᠣᠶᠣᠯ ᠵᠤᠭᠠᠴᠠᠯ ᠤᠨ ᠠᠵᠤ ᠠᠬᠤᠶᠢᠯᠠᠯ ᠢ ᠵᠣᠯᠭᠠᠭᠤᠯᠬᠤ ᠬᠤᠷᠠᠯ ᠳᠡᠭᠡᠷ᠎ᠡ᠂ ︽ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠵᠠᠬ᠎ᠠ ᠳᠡᠯᠭᠡᠭᠦᠷ ᠢᠶᠠᠷ ᠭᠤᠣᠯ ᠴᠣᠭᠴᠠ ᠪᠣᠯᠭᠠᠵᠤ᠂ ᠵᠢᠭᠤᠯᠴᠢᠯᠠᠭᠴᠢᠳ ᠢᠶᠠᠷ ᠭᠤᠣᠯ ᠳᠦᠷᠢ ᠪᠣᠯᠭᠠᠬᠤ︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠢ ᠲᠤᠤᠱᠯᠠᠭᠤᠯᠤᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠣᠶᠢᠷ᠎ᠠ ᠶᠢᠨ ᠪᠠᠶᠢᠳᠠᠯ ᠢ ᠣᠶᠢᠯᠠᠭᠠᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠬᠤ ᠶᠢᠨ ᠬᠠᠮᠲᠤ ︽ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ︾᠂ ︽ᠪᠣᠳᠠᠲᠠᠢ ᠠᠷᠭ᠎ᠠ ᠰᠦᠪᠡᠭᠴᠢᠯᠡᠬᠦ︾᠂ ︽ᠪᠣᠳᠠᠲᠠᠢ ᠠᠷᠭ᠎ᠠ ᠪᠣᠳᠣᠯᠭ᠎ᠠ ᠭᠠᠷᠭᠠᠬᠤ︾ ᠪᠠᠷ ᠳᠡᠮᠵᠢᠨ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠬᠠᠮᠲᠤ ᠪᠠᠷ ᠰᠠᠨᠠᠭᠠᠴᠢᠯᠠᠨ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ