ᠢᠦᠢ ᠵᠢᠶᠠᠨ ᠠᠬᠠᠯᠠᠬᠤ ᠬᠠᠤᠯᠢ ᠶᠢᠨ ᠵᠥᠪᠯᠡᠯᠭᠡ ᠶᠢᠨ ᠮᠡᠷᠭᠡᠵᠢᠯᠲᠡᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/6
       11 ᠰᠠᠷ᠎ᠠ ᠶᠢᠨ 4 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ ᠵᠢᠶᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠬᠠᠯᠠᠬᠤ ᠬᠠᠤᠯᠢ ᠶᠢᠨ ᠵᠥᠪᠯᠡᠯᠭᠡ ᠶᠢᠨ ᠮᠡᠷᠭᠡᠵᠢᠯᠲᠡᠨ ᠤ ᠠᠵᠢᠯ ᠤᠨ ᠥᠷᠲᠡᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃
20241106-1-1.jpg
       ᠢᠦᠢ ᠵᠢᠶᠠᠨ ᠭᠤᠷᠪᠠᠳᠤᠭᠠᠷ ᠳᠡᠰ ᠤᠨ ᠠᠬᠠᠯᠠᠬᠤ ᠬᠠᠤᠯᠢ ᠶᠢᠨ ᠵᠥᠪᠯᠡᠯᠭᠡ ᠶᠢᠨ ᠮᠡᠷᠭᠡᠵᠢᠯᠲᠡᠨ ᠤ ᠠᠵᠢᠯ ᠤᠨ ᠥᠷᠲᠡᠭᠡ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠭᠡᠰᠢᠭᠦᠨ ᠤ ᠭᠡᠷ ᠵᠢᠴᠢ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠡᠯ᠎ᠡ ᠲᠤᠰᠬᠠᠢ ᠮᠡᠷᠭᠡᠵᠢᠯ ᠤᠨ ᠡᠶᠡᠳᠡᠭᠦᠯᠬᠦ ᠲᠠᠰᠤᠭ ᠢ ᠪᠠᠶᠢᠴᠠᠭᠠᠨ ᠦᠵᠡᠪᠡ᠃ ᠬᠠᠮᠢᠶ᠎ᠠ ᠪᠦᠬᠦᠢ ᠠᠵᠢᠯ ᠢ ᠣᠶᠢᠯᠠᠭᠠᠭᠰᠠᠨ ᠪᠥᠭᠡᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ︽ᠠᠬᠠᠯᠠᠭᠴᠢ + ᠰᠢᠭᠦᠬᠦ ᠬᠤᠷᠢᠶ᠎ᠠ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠰᠢᠭᠤᠨ ᠤ ᠲᠠᠰ ᠤᠨ ᠠᠬᠠᠯᠠᠬᠤ ᠬᠠᠤᠯᠢ ᠵᠢᠨ‌ᠵᠥ᠋ᠪᠯᠡᠯᠭᠡ ᠶᠢᠨ ᠲᠤᠰᠬᠠᠢ ᠮᠡᠷᠭᠡᠵᠢᠯᠲᠡᠨ ᠲᠠᠢ ᠬᠠᠮᠳᠣᠪᠠᠷ ᠠᠬᠠᠯᠠᠬᠤ ᠬᠠᠤᠯᠢ ᠶᠢᠨ ᠵᠥᠪᠯᠡᠯᠭᠡ ᠵᠢᠨ‌ᠮᠡᠷᠭᠡᠵᠢᠯᠲᠡᠨ ᠤ ᠠᠵᠢᠯ ᠢ ᠬᠡᠷᠬᠢᠨ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠢᠦᠢ ᠵᠢᠶᠠᠨ ᠴᠢᠬᠤᠯᠠᠴᠢᠯᠠᠭᠰᠠᠨ ᠨᠢ᠂ ᠠᠬᠠᠯᠠᠬᠤ ᠬᠠᠤᠯᠢ ᠶᠢᠨ ᠵᠥᠪᠯᠡᠯᠭᠡ ᠶᠢᠨ ᠮᠡᠷᠭᠡᠵᠢᠯᠲᠡᠨ ᠤ ᠠᠵᠢᠯ ᠪᠣᠯ ᠰᠢᠨ᠎ᠡ ᠴᠠᠭ ᠦᠶ᠎ᠡ ᠶᠢᠨ ︽ᠹᠧᠩᠴᠢᠶᠤᠤ  ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠳᠦᠷᠢᠮ ᠤᠨ ᠰᠢᠨ᠎ᠡ ᠡᠭᠦᠳᠦᠯᠲᠡ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠮᠥᠨ᠂ ᠠᠬᠠᠯᠠᠬᠤ ᠬᠠᠤᠯᠢ ᠵᠢᠨ‌ᠵᠥ᠋ᠪᠯᠡᠯᠭᠡ  ᠶᠢᠨ ᠮᠡᠷᠭᠡᠵᠢᠯᠲᠡᠨ ᠤ ᠠᠵᠢᠯ ᠤᠨ ᠦᠷᠳᠡᠭᠡ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠠᠯᠠᠬᠤ ᠬᠠᠤᠯᠢ ᠵᠢᠨ‌ᠵᠥ᠋ᠪᠯᠡᠯᠭᠡ ᠶᠢᠨ ᠮᠡᠷᠭᠡᠵᠢᠯᠲᠡᠨ ᠤ ᠠᠵᠢᠯ ᠤᠨ ᠳᠦᠷᠢᠮ ᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠦᠭᠡ︾ ᠶᠢᠨ ᠡᠶᠡᠳᠡᠭᠦᠯᠭᠡ ᠶᠢ ᠭᠦᠨᠵᠡᠭᠡᠢ ᠠᠭᠤᠰᠤᠯᠴᠠᠭᠤᠯᠬᠤ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠠᠬᠢᠭᠤᠯᠵᠤ᠂ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ᠂ ᠰᠢᠢᠳᠪᠦᠷᠢᠯᠡᠬᠦ ᠬᠦᠴᠦᠨ ᠢ ᠴᠢᠬᠤᠯᠠᠴᠢᠯᠠᠬᠤ ᠂ ᠡᠶᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ᠬᠠᠮᠲᠣᠷᠠᠯᠴᠠᠭ᠎ᠠ ᠶᠢ ᠴᠢᠩᠭᠠᠳᠬᠠᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ︽ᠠᠬᠠᠯᠠᠭᠴᠢ + ᠰᠢᠭᠦᠬᠦ ᠬᠤᠷᠢᠶ᠎ᠠ︾ ᠶᠢᠨ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ︽ᠰᠠᠨᠠᠭᠠᠴᠢᠯᠠᠭ᠎ᠠ ᠠᠴᠠ ᠪᠠᠨ ᠭᠡᠷ ᠲᠤᠨᠢ ᠣᠴᠢᠵᠤ︾ ᠬᠠᠤᠯᠢ ᠶᠢᠨ ᠵᠥᠪᠯᠡᠯᠭᠡ ᠥᠭᠬᠦ ᠠᠵᠢᠯ ᠢ ᠥᠷᠨᠢᠭᠦᠯᠬᠦ ᠬᠡᠷᠡᠭᠲᠡᠢ᠃ ︽1+N︾ ᠠᠵᠢᠯ ᠤᠨ ᠲᠣᠭᠲᠠᠴᠠ ᠶᠢ ᠴᠢᠷᠮᠠᠶᠢᠨ ᠪᠠᠶᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠪᠣᠳᠠᠲᠤ ᠦᠷ᠎ᠡ  ᠠᠰᠢᠭ ᠢ ᠨᠡᠮᠡᠭᠳᠡᠭᠦᠯᠦᠨ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠬᠠᠯᠠᠬᠤ ᠬᠠᠤᠯᠢ ᠶᠢᠨ ᠵᠦᠪᠯᠡᠯᠭᠡ ᠶᠢᠨ ᠮᠡᠷᠭᠡᠵᠢᠯᠲᠡᠨ ᠤ ︽ᠠᠯᠲᠠᠨ ᠦᠰᠦᠭᠲᠦ ᠫᠠᠶᠢᠰᠠ︾ ᠶᠢ ᠴᠢᠷᠮᠠᠶᠢᠨ ᠪᠣᠶ ᠪᠣᠯᠭᠠᠬᠤ ᠬᠡᠷᠡᠭᠲᠡᠢ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ