ᠸᠠᠩ ᠵᠢᠶᠦ᠋ᠨ ᠭᠠᠶᠢᠯᠢ ᠲᠠᠲᠠᠪᠤᠷᠢ᠂ ︽ᠭᠤᠷᠪᠠ ᠶᠢ ᠨᠢᠭᠡ ᠴᠣᠭᠴᠠᠵᠢᠭᠤᠯᠬᠤ︾ ᠥᠭᠡᠷᠡᠴᠢᠯᠡᠯᠲᠡ᠂ ᠬᠤᠰᠢᠭᠤᠨ ᠤ ᠮᠠᠯ ᠠᠵᠤ ᠠᠬᠤᠢ ᠳᠤ ᠦᠢᠯᠡᠴᠢᠯᠡᠬᠦ ᠲᠥᠪ ᠤᠨ ᠠᠵᠢᠯᠯᠠᠭᠠᠨ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/7
       11 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠭᠠᠶᠢᠯᠢ ᠲᠠᠲᠠᠪᠤᠷᠢ᠂ ︽ᠭᠤᠷᠪᠠ ᠶᠢ ᠨᠢᠭᠡ ᠴᠣᠭᠴᠠᠵᠢᠭᠤᠯᠬᠤ︾ ᠥᠭᠡᠷᠡᠴᠢᠯᠡᠯᠲᠡ᠂ ᠬᠤᠰᠢᠭᠤᠨ ᠤ ᠮᠠᠯ ᠠᠵᠤ ᠠᠬᠤᠢ ᠳᠤ ᠦᠢᠯᠡᠴᠢᠯᠡᠬᠦ ᠲᠥᠪ ᠤᠨ ᠠᠵᠢᠯᠯᠠᠭᠠᠨ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠯᠦ ᠴᠤᠸᠠᠨ ᠱᠧᠨ᠂ ᠯᠢ ᠶᠠᠨ ᠯᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ᠂ ᠸᠠᠩ ᠵᠢᠶᠦ᠋ᠨ ᠪᠥᠬᠦ ᠬᠤᠰᠢᠭᠤᠨ ᠤ ᠡᠨᠡ ᠵᠢᠯ ᠠᠴᠠ ᠨᠠᠰᠢᠬᠢ ᠭᠠᠶᠢᠯᠢ ᠲᠠᠲᠠᠪᠤᠷᠢ ᠶᠢᠨ ᠲᠤᠭ᠎ᠠ ᠪᠠᠷᠢᠮᠲᠠ ᠶᠢ ᠨᠠᠷᠢᠨ ᠣᠶᠢᠯᠠᠭᠠᠵᠤ᠂ ᠭᠠᠶᠢᠯᠢ ᠲᠠᠲᠠᠪᠤᠷᠢ ᠶᠢᠨ ᠪᠦᠲᠦᠴᠡ᠂ ᠭᠠᠶᠢᠯᠢ ᠶᠢᠨ ᠢᠷᠡᠯᠲᠡ ᠶᠢᠨ ᠭᠤᠣᠯ ᠴᠣᠭᠴᠠ᠂ ᠭᠠᠶᠢᠯᠢ ᠲᠠᠲᠠᠪᠤᠷᠢ ᠶᠢᠨ ᠠᠵᠢᠯ ᠤᠨ ᠠᠬᠢᠴᠠ ᠵᠡᠷᠭᠡ ᠪᠠᠶᠢᠳᠠᠯ ᠳᠤ ᠵᠠᠳᠠᠯᠤᠯᠲᠠ ᠬᠢᠵᠦ᠂ ᠪᠥᠬᠦ ᠬᠤᠰᠢᠭᠤᠨ ᠤ ᠠᠵᠤ ᠠᠬᠤᠢ ᠶᠢᠨ ᠪᠦᠲᠦᠴᠡ ᠪᠠ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠷᠣᠯᠭ᠎ᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ ᠰᠡᠳᠭᠢᠬᠦᠢ ᠶᠢᠨ ᠠᠷᠭ᠎ᠠ ᠶᠢ ᠳᠤᠷᠠᠳᠤᠨ ᠭᠠᠷᠭᠠᠪᠠ᠃ ᠸᠠᠩ ᠵᠢᠶᠦ᠋ᠨ ᠴᠢᠬᠤᠯᠠᠴᠢᠯᠠᠭᠰᠠᠨ  ᠨᠢ᠂ ᠦᠵᠡᠯᠲᠡ‌‍ᠲ᠋ᠠᠨᠢᠯᠲᠠ ᠪᠠᠨ ᠴᠢᠩᠭᠠᠳᠬᠠᠵᠤ᠂ ᠭᠠᠶᠢᠯᠢ ᠶᠢᠨ ᠶᠠᠪᠤᠳᠠᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠤᠰᠢᠭᠤᠨ ᠤ ᠬᠡᠪᠴᠢᠶᠡᠨ ᠳᠠᠬᠢ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠨᠢᠭᠡᠴᠡ ᠶᠢ ᠪᠥᠬᠦ ᠲᠠᠯ᠎ᠠ ᠪᠠᠷ ᠡᠮᠬᠢᠯᠡᠨ ᠪᠠᠶᠢᠴᠠᠭᠠᠵᠤ᠂ ᠬᠤᠷᠢᠶᠠᠬᠤ ᠶᠣᠰᠣᠲᠠᠢ ᠭᠠᠶᠢᠯᠢ ᠶᠢ  ᠪᠦᠬᠦᠨ ᠢ ᠬᠤᠷᠢᠶᠠᠬᠤ ᠶᠢ ᠪᠠᠲᠤᠯᠠᠬᠤ ᠬᠡᠷᠡᠭᠲᠡᠢ᠃ ᠳᠣᠭᠤᠯᠳᠠᠯ ᠲᠠᠢ ᠲᠠᠯ᠎ᠠ ᠶᠢᠨ ᠭᠦᠢᠴᠡᠳᠭᠡᠯ ᠲᠤᠭ᠎ᠠ ᠶᠢ ᠴᠢᠩᠭ᠎ᠠ ᠠᠩᠬᠠᠷᠴᠤ᠂ ᠲᠦᠰᠦᠭᠡᠯᠡᠯ ᠲᠣᠬᠢᠷᠠᠭᠤᠯᠭ᠎ᠠ ᠪᠠᠨ ᠴᠢᠩᠭᠠᠳᠬᠠᠵᠤ᠂ ᠭᠠᠶᠢᠯᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠪᠦᠬᠦ ᠵᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃       ᠬᠤᠰᠢᠭᠤᠨ ᠤ ᠮᠠᠯ ᠠᠵᠤ ᠠᠬᠤᠢ ᠳᠤ ᠦᠢᠯᠡᠴᠢᠯᠡᠬᠦ ᠲᠥᠪ ᠲᠤ᠂ ᠸᠠᠩ ᠵᠢᠶᠦ᠋ᠨ ︽ᠭᠤᠷᠪᠠ ᠶᠢ ᠨᠢᠭᠡ ᠴᠣᠭᠴᠠᠵᠢᠭᠤᠯᠬᠤ︾ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠭᠰᠠᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠭᠰᠡᠨ ᠦᠷ᠎ᠡ ᠠᠰᠢᠭ᠂ ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ᠂ ᠠᠵᠢᠯᠲᠠᠨ ᠤ ᠲᠣᠬᠢᠷᠠᠭᠤᠯᠤᠯᠲᠠ᠂ ᠮᠠᠯᠴᠢᠳ ᠲᠠᠢ ᠵᠣᠯᠭᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ ᠯᠠᠪᠯᠠᠵᠠᠢ᠃ ᠸᠠᠩ ᠵᠢᠶᠦ᠋ᠨ ᠱᠠᠭᠠᠷᠳᠠᠭᠰᠠᠨ ᠨᠢ᠂ ᠬᠤᠰᠢᠭᠤᠨ ᠤ ᠮᠠᠯ ᠠᠵᠤ ᠠᠬᠤᠢ ᠳᠤ ᠦᠢᠯᠡᠴᠢᠯᠡᠬᠦ ᠲᠥᠪ ᠨᠢ ᠮᠠᠯ ᠠᠵᠤ ᠠᠬᠤᠢ ᠳᠤ ᠦᠢᠯᠡᠴᠢᠯᠡᠬᠦ ᠡᠭᠦᠷᠭᠡ ᠴᠢᠳᠠᠪᠤᠷᠢ ᠪᠠᠨ ᠥᠨᠳᠥᠷ ᠪᠦᠲᠦᠮᠵᠢᠲᠡᠶ ᠪᠠᠷ ᠭᠦᠢᠴᠡᠳᠬᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠴᠢᠳ ᠤᠨ ᠠᠰᠢᠭ ᠲᠤᠰᠠ ᠶᠢ ᠪᠠᠲᠤᠯᠠᠨ᠂ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠦᠷ᠎ᠡ ᠪᠦᠲᠦᠭᠡᠯ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠦᠭᠰᠡᠨ ᠦᠷ᠎ᠡ ᠠᠰᠢᠭ ᠢ ᠦᠨᠳᠦᠰᠦᠲᠡᠨ ᠨᠦᠭᠦᠳ ᠤᠨ ᠮᠠᠯᠴᠢᠨ ᠲᠦᠮᠡᠨ ᠳᠤ ᠨᠠᠩ ᠢᠯᠡᠭᠦᠦ ᠨᠠᠩ ᠭᠤᠥᠯᠴᠢ ᠪᠠᠷ ᠠᠰᠢᠭ ᠬᠦᠷᠲᠡᠭᠡᠬᠦ ᠬᠡᠷᠡᠭᠲᠡᠢ᠃       ᠶᠠᠷᠰᠠᠶ ᠭᠠᠴᠠᠭᠠᠨ ᠤ ᠮᠠᠯᠴᠢᠳ ᠤᠨ ᠭᠡᠷ  ᠢᠶᠠᠷ ᠣᠷᠣᠵᠣ ᠮᠠᠯᠴᠢᠳ ᠤᠨ ᠮᠠᠯ ᠲᠡᠵᠢᠭᠡᠪᠦᠷᠢ᠂ ᠣᠷᠣᠯᠭ᠎ᠠ  ᠵᠡᠷᠭᠡ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠸᠠᠩ ᠵᠢᠶᠦ᠋ᠨ ᠢᠯᠡᠷᠬᠡᠶᠢᠯᠡᠬᠦ ᠳᠡᠭᠡᠨ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠬᠤ ᠲᠤᠬᠠᠢ ᠮᠠᠯᠴᠢᠳ ᠤᠨ ᠰᠠᠨᠠᠯ ᠰᠠᠨᠠᠭᠤᠯᠭ᠎ᠠ ᠶᠢ ᠭᠦᠨᠵᠡᠭᠡᠢ ᠰᠤᠳᠤᠯᠵᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠬᠠᠭᠤᠯᠭ᠎ᠠ ᠪᠠᠨ ᠴᠢᠩᠭᠠᠳᠬᠠᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠴᠢᠬᠤᠯᠠ ᠬᠥᠳᠡᠯᠭᠡᠭᠦᠷ ᠢ ᠢᠳᠡᠪᠬᠢᠵᠢᠭᠦᠯᠦᠨ᠎ᠡ ᠭᠡᠪᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ