ᠬᠥᠯᠥᠨ ᠪᠤᠶᠢᠷ ᠪᠣᠭᠤᠮᠲᠠ ᠶᠢᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠵᠢᠴᠢ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠵᠣᠯᠭᠠᠯᠴᠠᠭ᠎ᠠ ᠶᠢᠨ ᠬᠤᠷᠠᠯ ᠬᠤᠷᠠᠯᠳᠤᠭᠤᠯᠵᠤ ᠬᠠᠮᠲᠤᠷᠠᠯᠴᠠᠭᠠᠨ ᠤ ᠰᠠᠨᠠᠮᠵᠢ 42 ᠵᠦᠢᠯ ᠵᠥᠪᠯᠡᠯᠴᠡᠭᠡᠷ ᠲᠣᠬᠢᠷᠠᠯᠴᠠᠵᠤ  ᠶᠡᠷᠦᠩᠬᠡᠢ ᠪᠡᠯᠡ ᠣᠷᠣᠭᠤᠯᠤᠯᠲᠠ ᠨᠢ 106.2 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2024/12/13
       12 ᠳ᠋ᠤᠭᠠᠷ ᠰᠠᠷ᠎ᠠ ᠶᠢᠨ 10᠎ ᠤ ᠡᠳᠦᠷ᠂ ᠬᠥᠯᠥᠨ ᠪᠤᠶᠢᠷ ᠪᠣᠭᠤᠮᠲᠠ ᠶᠢᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ  ᠬᠤᠷᠠᠯ ᠵᠢᠴᠢ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ  ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠶᠡᠭᠡ ᠨᠡᠭᠡᠭᠡᠯᠲᠡ ᠬᠢᠬᠦ ᠡᠷᠴᠢᠮ᠂ ᠨᠠᠩ ᠣᠯᠠᠨ ᠪᠣᠳᠠᠲᠠᠢ ᠶᠢ  ᠡᠷᠬᠢᠮᠯᠡᠭᠰᠡᠨ ᠰᠣᠯᠢᠯᠴᠠᠭ᠎ᠠ ᠪᠠᠷ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠩ ᠥᠷᠭᠡᠨ ᠬᠦᠷᠢᠶᠡᠨ ᠳᠠᠬᠢ  ᠬᠠᠮᠲᠤᠷᠠᠯᠴᠠᠭ᠎ᠠ ᠪᠠᠨ ᠪᠡᠶᠡᠯᠡᠭᠦᠯᠬᠦ ᠶᠢ ᠠᠬᠢᠭᠤᠯᠵᠤ᠂ ᠬᠥᠯᠥᠨ ᠪᠤᠶᠢᠷ ᠤᠨ ᠭᠠᠳᠠᠭᠠᠳᠤ ᠨᠡᠭᠡᠭᠡᠯᠲᠡ ᠪᠣᠯᠣᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ  ᠬᠥᠭᠵᠢᠯᠲᠡ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ  ᠨᠡᠭᠡᠭᠡᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠳᠤ ᠣᠷᠣᠯᠴᠠᠵᠤ᠂  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠡᠷᠭᠢᠯᠡᠪᠡ᠃ 
20241213-1-1.jpg
        ᠬᠤᠷᠠᠯ ᠳᠡᠭᠡᠷ᠎ᠡ ᠮᠠᠨ ᠤ ᠬᠤᠲᠠ ᠶᠢᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠵᠦ ᠪᠠᠶᠢᠭ᠎ᠠ  ᠪᠠᠶᠢᠳᠠᠯ ᠪᠣᠯᠣᠨ ᠪᠣᠭᠤᠮᠲᠠ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ  ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠣᠭᠤᠮᠲᠠ ᠵᠢᠴᠢ ᠭᠠᠳᠠᠭᠠᠳᠤ ᠠᠷᠠᠯᠵᠢᠶᠠᠨ ᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ᠂  ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠲᠣᠭᠤᠷᠢᠨ ᠳᠤ ᠦᠭᠡ ᠬᠡᠯᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠷᠠᠯ ᠠᠴᠠ ᠡᠯ᠎ᠡ  ᠪᠠᠩᠬᠢ ᠶᠢᠨ ᠪᠠᠶᠢᠭᠤᠯᠤᠮᠵᠢ ᠶᠢ 30 ᠭᠠᠷᠤᠢ ᠠᠵᠤ ᠠᠬᠤᠶᠢᠯᠠᠯ ᠤᠨ ᠲᠥᠷᠥᠯ ᠵᠦᠢᠯ ᠲᠠᠢ ᠪᠡᠯᠡ ᠲᠣᠬᠢᠷᠠᠭᠤᠯᠬᠤ ᠰᠠᠨᠠᠮᠵᠢ ᠲᠠᠢ ᠪᠣᠯᠭᠠᠬᠤ ᠶᠢ ᠠᠬᠢᠭᠤᠯᠵᠤ᠂ ᠪᠥᠬᠦ  ᠬᠤᠲᠠ ᠶᠢᠨ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠣᠰᠣᠭᠠᠷ᠂ ᠦᠢᠯᠡᠳᠬᠦᠨ ᠤ ᠦᠢᠯᠡᠴᠢᠯᠡᠭᠡᠨ ᠤ  ᠰᠢᠰᠲ᠋ᠧᠮᠵᠢ ᠶᠢᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠬᠠᠮᠤᠭ ᠤᠨ ᠶᠡᠭᠡ  ᠬᠡᠮᠵᠢᠶ᠎ᠡ ᠪᠠᠷ ᠪᠠᠭᠤᠷᠠᠭᠤᠯᠤᠨ᠎ᠠ᠃ 
20241213-1-2.jpg
        ᠮᠠᠨᠵᠤᠤᠷ ᠪᠣᠭᠤᠮᠲᠠ ᠶᠢᠨ ᠬᠠᠷᠢᠭᠤᠴᠠᠯᠭᠠᠲᠠᠨ ᠪᠣᠭᠤᠮᠲᠠ ᠶᠢᠨ ᠭᠠᠵᠠᠷ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠣᠭᠤᠷᠢᠨ ᠳᠤ  ᠰᠠᠨᠠᠯ ᠢᠶᠠᠨ ᠰᠣᠯᠢᠯᠴᠠᠬᠤ ᠦᠭᠡ ᠬᠡᠯᠡᠪᠡ︔ ᠳᠤᠮᠳᠠᠳᠤ ᠤᠯᠤᠰ ᠤᠨ ᠬᠤᠶᠠᠷ ᠣᠷᠣᠨ ᠤ ᠨᠡᠶᠢᠭᠡᠮᠯᠢᠭ ᠤᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠪᠣᠭᠤᠮᠲᠠ  ᠥᠩᠭᠡᠷᠡᠬᠦ ᠳᠦᠷᠢᠮ᠂ ᠪᠡᠯᠡ ᠮᠥᠩᠭᠦᠨ ᠤ ᠭᠦᠢᠯᠭᠡᠭᠡ᠂ ᠪᠣᠭᠤᠮᠲᠠ ᠥᠩᠭᠡᠷᠡᠬᠦ ᠵᠠᠭᠪᠤᠷ ᠵᠡᠷᠭᠡ ᠲᠠᠯ᠎ᠠ ᠪᠠᠷ ᠪᠣᠭᠤᠮᠲᠠ ᠶᠢᠨ ᠠᠵᠤ ᠠᠬᠤᠢ ᠶᠢᠨ ᠪᠠᠶᠢᠳᠠᠯ ᠵᠢᠴᠢ  ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠵᠠᠳᠠᠯᠤᠨ ᠲᠠᠶᠢᠯᠪᠤᠷᠢᠯᠠᠪᠠ᠃ ᠮᠠᠨᠵᠤᠤᠷ ᠬᠤᠲᠠ ᠶᠢᠨ ᠵᠥᠩ ᠹᠧᠢ ᠬᠡᠢ ᠪᠡᠶᠡᠲᠦ ᠶᠢᠨ ᠬᠢᠵᠠᠭᠠᠷᠲᠤ ᠺᠣᠮᠫᠠᠨᠢ᠂  ᠥᠪᠥᠷ ᠮᠣᠩᠭᠤᠯ ᠤᠨ ᠳ᠋ᠦ᠋ ᠴᠧᠩ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠥᠯᠥᠨ ᠪᠤᠶᠢᠷ ᠤᠨ ᡂᠢ ᠬᠤᠩ ᠠᠭᠤᠷᠬᠠᠢ ᠶᠢᠨ  ᠦᠢᠯᠡᠰ ᠤᠨ ᠬᠢᠵᠠᠭᠠᠷᠲᠤ ᠺᠣᠮᠫᠠᠨᠢ ᠵᠡᠷᠭᠡ 7 ᠠᠵᠤ ᠠᠬᠤᠶᠢᠯᠠᠯ ᠤᠨ ᠲᠥᠯᠥᠭᠡᠯᠡᠭᠴᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢᠶᠠᠨ ᠲᠠᠨᠢᠯᠴᠠᠭᠤᠯᠤᠭᠰᠠᠨ  ᠪᠥᠭᠡᠳ ᠰᠠᠨᠠᠯ ᠰᠠᠨᠠᠭᠤᠯᠭ᠎ᠠ ᠳᠤᠷᠠᠳᠪᠠ᠃ ᠮᠠᠨᠵᠤᠤᠷ ᠪᠣᠭᠤᠮᠲᠠ᠂ ᠬᠠᠮᠢᠶ᠎ᠠ ᠪᠦᠬᠦᠢ ᠬᠤᠰᠢᠭᠤ ᠬᠤᠲᠠ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠬᠠᠮᠢᠶ᠎ᠠ  ᠪᠦᠬᠦᠢ ᠰᠠᠯᠠᠭ᠎ᠠ ᠮᠥᠴᠢᠷ ᠨᠢᠭᠡᠳ ᠨᠢᠭᠡ ᠪᠠᠷ ᠬᠠᠷᠢᠭᠤᠯᠲᠠ ᠥᠭᠪᠡ᠃ 
20241213-1-3.jpg
        ᠲᠤᠬᠠᠢ ᠶᠢᠨ ᠲᠠᠯᠠᠪᠠᠶ ᠳᠤ ᠬᠥᠯᠥᠨ ᠪᠤᠶᠢᠷ ᠪᠣᠭᠤᠮᠲᠠ ᠶᠢᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ  ᠵᠦᠢᠯ ᠤᠨ ᠭᠡᠷ᠎ᠡ  ᠲᠣᠭᠲᠠᠬᠤ ᠪᠠ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠷ᠎ᠡ ᠪᠦᠲᠦᠭᠡᠯ ᠤᠨ ᠭᠡᠷ᠎ᠡ ᠲᠣᠭᠲᠠᠬᠤ ᠶᠣᠰᠣᠯᠠᠯ  ᠶᠠᠪᠤᠭᠤᠯᠵᠤ᠂ ᠨᠡᠶᠢᠲᠡ 42 ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 106.2 ᠳ᠋ᠦᠩᠰᠢᠭᠤᠷ  ᠲᠥᠭᠦᠷᠢᠭ ᠲᠤ ᠬᠦᠷᠴᠡᠢ᠃ ᠡᠭᠦᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠲᠤᠷᠠᠯᠴᠠᠭᠠᠨ ᠤ ᠰᠠᠨᠠᠮᠵᠢ 12 ᠵᠦᠢᠯ ᠪᠠᠶᠢᠵᠤ᠂ ᠪᠡᠯᠡ  ᠣᠷᠣᠭᠤᠯᠤᠯᠲᠠ ᠶᠢᠨ ᠵᠥᠪᠯᠡᠯᠴᠡᠭᠡᠷ ᠤᠨ ᠲᠤᠭ᠎ᠠ 65.42 ᠳ᠋ᠦᠩᠰᠢᠭᠤᠷ ᠲᠥᠭᠦᠷᠢᠭ ᠲᠤ ᠬᠦᠷᠴᠡᠢ︔ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠠᠵᠤ  ᠠᠬᠤᠶᠢᠯᠠᠯ ᠪᠡᠯᠡ ᠬᠤᠷᠠᠮᠳᠤᠭᠤᠯᠬᠤ ᠰᠠᠨᠠᠮᠵᠢ 31 ᠵᠦᠢᠯ ᠲᠣᠭᠲᠠᠵᠤ᠂ ᠢᠲᠡᠭᠡᠮᠵᠢ ᠶᠢᠨ ᠨᠣᠷᠮ᠎ᠠ 40.77 ᠳ᠋ᠦᠩᠰᠢᠭᠤᠷ ᠲᠥᠭᠦᠷᠢᠭ ᠲᠤ ᠬᠦᠷᠪᠡ᠃        ᠬᠤᠷᠠᠯ ᠤᠨ ᠬᠤᠭᠤᠴᠠᠭᠠᠨ ᠳᠤ ᠪᠠᠰᠠ ᠮᠥᠩᠭᠦᠨ ᠭᠦᠢᠯᠭᠡᠭᠡᠨ ᠤ  ᠦᠢᠯᠡᠴᠢᠯᠡᠭᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ  ᠲᠤᠰᠬᠠᠢ ᠰᠡᠳᠦᠪᠲᠦ ᠪᠣᠯᠪᠠᠰᠤᠷᠠᠭᠤᠯᠤᠯ᠂ ᠬᠥᠯᠥᠨ ᠪᠤᠶᠢᠷ ᠬᠤᠲᠠ ᠶᠢᠨ ᠪᠣᠭᠤᠮᠲᠠ ᠶᠢᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠵᠥᠪᠳᠡᠯᠴᠡᠭᠡᠷ ᠤᠨ ᠬᠤᠷᠠᠯ ᠪᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠠᠵᠢᠯ ᠢ ᠥᠷᠨᠢᠭᠦᠯᠪᠡ᠃  
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ