12 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠢᠯᠢ ᠪᠦᠯᠦᠭᠯᠡᠯ ᠤᠨ ᠳᠡᠭᠡᠳᠦ ᠵᠡᠷᠭᠡ ᠶᠢᠨ ᠭᠦᠢᠴᠡᠳᠭᠡᠭᠴᠢ ᠶᠡᠷᠦᠩᠬᠡᠢ ᠵᠠᠬᠢᠷᠤᠯ ᠵᠠᠩ ᠵᠢᠶᠠᠨ ᠴᠢᠦ ᠨᠠᠷ ᠲᠠᠢ | ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠲᠣ ᠦᠶ᠎ᠡ ᠶᠢᠨ ᠰᠦ ᠰᠠᠭᠠᠯᠢ ᠶᠢᠨ ᠦᠢᠯᠡᠰ ᠤᠨ ᠬᠥᠭᠵᠢᠯᠲᠡ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠪᠣᠯᠣᠨ ᠴᠠᠭᠠᠨ ᠢᠳᠡᠭᠡ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ | | | | | | | | | ᠸᠠᠩ ᠸᠠᠩ ᠸᠠᠩ ᠱᠧᠩ ᠵᠠᠩ ᠵᠢᠶᠠᠨ ᠴᠢᠦ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠢᠯᠢ ᠪᠦᠯᠦᠭᠯᠡᠯ ᠤᠨ | ᠮᠠᠨ ᠤ ᠬᠤᠲᠠ ᠳᠤ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠢᠯᠢ ᠣᠷᠭᠠᠨᠢᠭ ᠴᠠᠭᠠᠨ ᠢᠳᠡᠭᠡᠨ ᠤ ᠲᠥᠷᠥᠯ ᠵᠦᠶ᠋ᠯ ᠨᠢ ᠣᠷᠣᠨ ᠨᠤᠲᠤᠭ ᠤᠨ ᠲᠠᠷᠢᠶᠠᠯᠠᠩ | ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ | ᠲᠦᠷᠭᠡᠳᠬᠡᠬᠦ ᠳᠤ ᠦᠵᠡᠭᠦᠯᠦᠭᠰᠡᠨ ᠠᠬᠢᠭᠤᠯᠬᠤ ᠦᠢᠯᠡᠳᠦᠯ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠠᠨ ᠵᠢᠯ ᠤᠨ ᠲᠤᠷᠰᠢ᠂ ᠬᠤᠶᠠᠷ | ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ᠂ ᠡᠯ᠎ᠡ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠷᠤᠭᠰᠢᠲᠠᠢ ᠶᠠᠪᠤᠭᠳᠠᠵᠤ᠂ | ᠢᠯᠡᠳᠲᠡ ᠦᠷ᠎ᠡ ᠪᠦᠲᠦᠮᠵᠢ ᠣᠯᠪᠠ᠃ ᠢᠷᠡᠭᠡᠳᠦᠢ ᠳᠤ ᠡᠯ᠎ᠡ ᠲᠠᠯ᠎ᠠ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠳᠡᠭᠡᠳᠦ ᠦᠵᠦᠭᠦᠷ᠂ ᠣᠶᠤᠨᠴᠢ᠂ ᠪᠣᠬᠢᠷᠲᠤᠯ ᠦᠭᠡᠢ | ᠵᠡᠷᠭᠡ ᠴᠢᠭᠯᠡᠯ ᠢ ᠣᠨᠢᠯᠠᠵᠤ᠂ ᠬᠠᠮᠲᠤᠷᠠᠯᠴᠠᠭᠠᠨ ᠤ ᠣᠷᠣᠨ ᠵᠠᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠰᠠᠶᠢᠲᠤᠷ ᠪᠦᠲᠦᠭᠡᠨ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠥᠯᠥᠨ ᠪᠤᠶᠢᠷ ᠪᠥᠬᠦ ᠲᠠᠯ᠎ᠠ ᠶᠢᠨ ᠦᠢᠯᠡᠴᠢᠯᠡᠭᠡ | ᠪᠠᠲᠤᠯᠠᠭ᠎ᠠ ᠶᠢ ᠰᠠᠶᠢᠲᠤᠷ ᠬᠢᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠰᠠᠨᠠᠭ᠎ᠠ ᠠᠮᠤᠷ | ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | | | | | | ᠵᠠᠩ ᠵᠢᠶᠠᠨ ᠴᠢᠦ᠂ ᠬᠥᠯᠥᠨ ᠪᠤᠶᠢᠷ ᠤᠨ ᠠᠮᠢ ᠠᠬᠤᠢ ᠶᠢᠨ ᠡᠬᠢ ᠪᠠᠶᠠᠯᠢᠭ ᠪᠣᠯᠣᠨ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ | ᠢᠯᠡᠷᠬᠡᠢ᠂ ᠡᠨᠡ ᠬᠦ ᠲᠣᠭᠲᠠᠭᠤᠨ ᠡᠷᠡᠭᠦᠯ ᠪᠡᠯᠡ ᠣᠷᠣᠭᠤᠯᠤᠯᠲᠠ ᠶᠢᠨ ᠰᠢᠮᠡᠲᠦ ᠬᠥᠷᠥᠰᠥᠨ ᠳᠡᠭᠡᠷ᠎ᠡ᠂ ᠢᠯᠢ ᠪᠦᠯᠦᠭᠯᠡᠯ ᠰᠢᠨ᠎ᠡ ᠠᠵᠠ ᠲᠣᠬᠢᠶᠠᠯ ᠢ ᠠᠮᠵᠢᠵᠤ᠂ | ᠬᠥᠭᠵᠢᠯᠲᠡ ᠪᠠᠨ ᠲᠦᠷᠭᠡᠳᠬᠡᠨ᠂ ᠣᠷᠣᠨ ᠨᠤᠲᠤᠭ ᠯᠤᠭ᠎ᠠ ᠨᠢᠭᠲᠠ ᠬᠠᠮᠲᠤᠷᠠᠯᠴᠠᠬᠤ ᠬᠠᠷᠢᠴᠠᠭ᠎ᠠ ᠪᠠᠨ ᠪᠠᠲᠤᠯᠠᠵᠤ᠂ ᠬᠥᠯᠥᠨ ᠪᠤᠶᠢᠷ ᠤᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠪᠡ᠃ | | | |