ᠲᠠᠪᠤ᠂ ᠠᠪᠠᠭ᠎ᠠ ᠠᠪᠠᠭ᠋ᠠᠨᠠᠷ᠄ ︽ᠠᠪᠠᠭ᠎ᠠ︾ ᠪᠠ ︽ᠠᠪᠠᠭ᠋ᠠᠨᠠᠷ︾ ᠪᠣᠯ ᠴᠢᠩᠭᠢᠰ ᠬᠠᠭᠠᠨ ᠤ ᠨᠦᠭᠦᠭᠡ ᠡᠬᠡ ᠶᠢᠨ ᠬᠥᠪᠡᠭᠦᠨ ᠪᠡᠯᠭᠦᠳᠡᠢ ᠶᠢᠨ ᠬᠤᠶᠢᠴᠢᠰ ᠪᠣᠯᠣᠨ᠎ᠠ᠃ | ᠪᠡᠯᠭᠦᠳᠡᠢ ᠶᠢ ᠲᠡᠦᠬᠡ ᠪᠢᠴᠢᠭ ᠲᠤ ︽ᠪᠦᠬᠡ ᠪᠡᠯᠭᠦᠳᠡᠢ︾ ᠭᠡᠳᠡᠭ ᠪᠤᠶᠤ ︽ᠪᠡᠯᠭᠦᠳᠡᠢ ᠨᠣᠶᠠᠨ︾ ᠭᠡᠳᠡᠭ᠃ 17 ᠳ᠋ᠤᠭᠠᠷ ᠵᠠᠭᠤᠨ ᠤ ᠦᠶ᠎ᠡ ᠳᠤ ᠠᠪᠠᠭ᠎ᠠ ᠪᠠᠷᠠᠭᠤᠨ | ᠭᠠᠷᠤᠨ ᠬᠤᠰᠢᠭᠤ᠂ ᠠᠪᠠᠭ᠎ᠠ ᠵᠡᠭᠦᠨ ᠭᠠᠷᠤᠨ ᠬᠤᠰᠢᠭᠤ᠂ ᠠᠪᠠᠭ᠋ᠠᠨᠠᠷ ᠪᠠᠷᠠᠭᠤᠨ ᠭᠠᠷᠤᠨ ᠬᠤᠰᠢᠭᠤ᠂ ᠠᠪᠠᠭ᠋ᠠᠨᠠᠷ ᠵᠡᠭᠦᠨ ᠭᠠᠷᠤᠨ ᠬᠤᠰᠢᠭᠤ ᠭᠡᠵᠦ ᠳᠦᠷᠪᠡᠨ | ᠬᠤᠰᠢᠭᠤ ᠬᠤᠪᠢᠶᠠᠵᠤ᠂ ᠦᠶ᠎ᠡ ᠤᠯᠠᠷᠢᠨ ᠵᠠᠯᠭᠠᠮᠵᠢᠯᠠᠬᠤ ᠵᠠᠰᠠᠭ ᠲᠣᠭᠲᠠᠭᠠᠭᠠᠳ᠂ ᠰᠢᠯᠢ ᠶᠢᠨ ᠭᠤᠣᠯ ᠤᠨ ᠴᠢᠭᠤᠯᠭᠠᠨ ᠳᠤ ᠬᠠᠷᠢᠶᠠᠯᠠᠭᠤᠯᠵᠠᠢ᠃ 1912 ᠣᠨ ᠤ 2 | ᠰᠠᠷ᠎ᠠ ᠶᠢᠨ 12 ᠤᠨ ᠡᠳᠦᠷ᠂ ᠴᠢᠩ ᠲᠦᠷᠦ ᠮᠥᠬᠦᠭᠰᠡᠨ ᠬᠤᠶᠢᠨ᠎ᠠ᠂ ᠳᠤᠮᠳᠠᠳᠤ ᠢᠷᠭᠡᠨ ᠤᠯᠤᠰ ᠤᠨ ᠵᠠᠰᠠᠭ ᠤᠨ ᠭᠠᠵᠠᠷ ᠠᠴᠠ ᠴᠢᠩ ᠲᠦᠷᠦ ᠶᠢᠨ ᠸᠠᠩ | ᠭᠥᠩ ᠤᠨ ᠳᠦᠷᠢᠮ ᠢ ᠲᠡᠷᠡ ᠬᠡᠪ ᠢᠶᠠᠷ ᠨᠢ ᠦᠯᠡᠳᠡᠭᠡᠨ ᠬᠠᠮᠠᠭᠠᠯᠠᠵᠤ᠂ ᠲᠡᠳᠡᠨ ᠤ ᠠᠯᠢᠪᠠ ᠬᠠᠷᠠᠭᠠᠯᠵᠠᠯ ᠢ ᠥᠴᠥᠬᠡᠨ ᠴᠦ ᠬᠠᠯᠳᠠᠭᠰᠠᠨ ᠦᠭᠡᠢ ᠪᠠᠶᠢᠵᠠᠢ᠃ ᠮᠠᠨ ᠤ | ᠤᠯᠤᠰ ᠤᠨ ᠵᠡᠭᠦᠨ ᠬᠤᠶᠢᠲᠤ ᠣᠷᠣᠨ ᠶᠠᠫᠤᠨ ᠳᠡᠭᠡᠷᠡᠮᠴᠦᠳ ᠲᠤ ᠡᠵᠡᠯᠡᠭᠳᠡᠭᠰᠡᠨ ᠦᠶ᠎ᠡ ᠳᠤ᠂ ᠠᠪᠠᠭ᠎ᠠ ᠠᠪᠠᠭ᠋ᠠᠨᠠᠷ ᠨᠢ ᠳᠡᠮᠴᠦᠭᠳᠣᠩᠷᠤᠪ ᠤᠨ ᠬᠠᠷᠢᠶᠠᠨ ᠳᠤ ᠪᠠᠶᠢᠪᠠ᠃ | 1948 ᠣᠨ ᠳᠤ᠂ ᠠᠪᠠᠭ᠎ᠠ ᠪᠠᠷᠠᠭᠤᠨ ᠭᠠᠷ ᠪᠠ ᠠᠪᠠᠭ᠋ᠠᠨᠠᠷ ᠪᠠᠷᠠᠭᠤᠨ ᠭᠠᠷ ᠢ ᠪᠠᠷᠠᠭᠤᠨ ᠬᠤᠯᠪᠣᠭᠠᠲᠤ ᠬᠤᠰᠢᠭᠤ ᠪᠣᠯᠭᠠᠵᠤ᠂ ᠠᠪᠠᠭ᠎ᠠ ᠵᠡᠭᠦᠨ ᠭᠠᠷ ᠪᠣᠯᠣᠨ | ᠠᠪᠠᠭ᠋ᠠᠨᠠᠷ ᠵᠡᠭᠦᠨ ᠭᠠᠷ ᠢ ᠳᠤᠮᠳᠠᠳᠣ ᠬᠤᠯᠪᠣᠭᠠᠲᠤ ᠬᠤᠰᠢᠭᠤ ᠪᠣᠯᠭᠠᠨ ᠲᠣᠬᠢᠷᠠᠭᠤᠯᠵᠠᠢ᠃ 1952 ᠣᠨ ᠳᠤ᠂ ᠪᠠᠷᠠᠭᠤᠨ ᠬᠤᠯᠪᠣᠭᠠᠲᠤ ᠬᠤᠰᠢᠭᠤ ᠪᠠ ᠳᠤᠮᠳᠠᠳᠣ | ᠬᠤᠯᠪᠣᠭᠠᠲᠤ ᠬᠤᠰᠢᠭᠤ ᠶᠢ ᠨᠡᠶᠢᠯᠡᠭᠦᠯᠵᠦ᠂ ᠪᠠᠷᠠᠭᠤᠨ ᠬᠤᠯᠪᠣᠭᠠᠲᠤ ᠬᠤᠰᠢᠭᠤ ᠭᠡᠳ᠂ ᠬᠤᠰᠢᠭᠤᠨ ᠵᠠᠰᠠᠭ ᠢ ᠬᠠᠮᠪᠤ ᠶᠢᠨ ᠰᠦᠮ᠎ᠡ ᠳᠤ ᠲᠣᠬᠢᠷᠠᠭᠤᠯᠵᠠᠢ᠃ ᠬᠤᠵᠢᠮ | ᠨᠢ ᠪᠡᠯᠭᠦᠳᠡᠢ ᠨᠣᠶᠠᠨ ᠢ ᠳᠤᠷᠠᠰᠬᠠᠬᠤ ᠶᠢᠨ ᠲᠥᠯᠥᠭᠡ᠂ ᠬᠠᠮᠪᠤ ᠶᠢᠨ ᠰᠦᠮ᠎ᠡ ᠶᠢ ︽ᠪᠡᠯᠭᠦᠳᠡᠢ ᠪᠠᠯᠭᠠᠰᠤ︾ ᠭᠡᠵᠦ ᠬᠠᠯᠠᠵᠤ ᠨᠡᠷᠡᠯᠡᠵᠡᠢ᠃ | | | |