ᠬᠦᠮᠦᠰ ᠡᠯᠡᠰᠦᠨ ᠰᠢᠭᠤᠷᠭ᠎ᠠ ᠪᠣᠰᠪᠠᠯ ᠠᠭᠠᠷ ᠲᠡᠭᠷᠢ ᠳᠤ ᠭᠤᠮᠤᠳᠠᠵᠤ᠂ ᠬᠠᠷᠢᠨ ᠬᠦᠮᠦᠨ ᠤ ᠬᠦᠨᠦᠭᠡᠯ ᠢ ᠵᠢᠮᠡᠯᠡᠬᠦ ᠦᠭᠡᠢ ᠪᠠᠶᠢᠳᠠᠭ᠂ ᠡᠨᠡ ᠨᠢ ᠲᠠᠭᠠᠷᠠᠨ᠎ᠠ ᠤᠤ︖
ᠨᠡᠶᠢᠲᠡᠯᠡᠭᠰᠡᠨ ᠴᠠᠭ᠄
2024/12/16
    ᠡᠨᠡ ᠪᠣᠯ ᠰᠤᠯᠤᠭᠠᠢ ᠦᠵᠡᠯᠲᠡ ᠪᠤᠯᠤᠨ᠎ᠠ᠃ ᠣᠳᠣ ᠶᠢᠨ ᠲᠠᠴᠢᠷᠳᠠᠭᠰᠠᠨ ᠨᠤᠲᠤᠭ ᠪᠡᠯᠴᠢᠭᠡᠷ ᠢ ᠶᠡᠭᠡᠲᠡ ᠵᠣᠭᠤᠰ ᠮᠦᠩᠭᠦ ᠵᠠᠷᠤᠴᠠᠭᠤᠯᠤᠨ ᠵᠠᠰᠠᠬᠤ  ᠶᠠᠪᠤᠴᠠ ᠳᠤ᠂ ᠬᠡᠷᠪᠡ ᠡᠪᠯᠡᠭᠦᠯᠵᠦ ᠰᠡᠯᠪᠢᠬᠦ ᠠᠷᠭ᠎ᠠ ᠶᠢ ᠠᠪᠤᠭᠠᠳ᠂ ᠠᠮᠢ ᠠᠬᠤᠢ ᠶᠢᠨ ᠰᠢᠰᠲ᠋ᠧᠮ ᠳᠤ ᠬᠦᠮᠦᠰ ᠤᠨ ᠤᠴᠠᠷᠠᠭᠤᠯᠵᠤ ᠪᠠᠶᠢᠬᠤ ᠡᠪᠳᠡᠯᠡᠭᠡ ᠶᠢ  ᠪᠣᠳᠤᠯᠬᠢᠯᠠᠬᠤ ᠦᠭᠡᠢ ᠪᠦᠭᠡᠳ ᠲᠤᠬᠠᠢ ᠶᠢᠨ ᠭᠠᠵᠠᠷ ᠤᠨ ᠠᠷᠠᠳ ᠢᠷᠭᠡᠳ ᠢ ᠣᠷᠤᠯᠴᠠᠭᠤᠯᠬᠤ ᠦᠭᠡᠢ ᠪᠤᠶᠤ ᠲᠡᠳᠡᠨ ᠳᠤ ᠠᠰᠢᠭ ᠬᠦᠷᠲᠡᠭᠡᠬᠦ ᠦᠭᠡᠢ ᠶᠤᠮ ᠪᠣᠯ  ᠵᠠᠰᠠᠯᠲᠠ ᠨᠢ ᠶᠠᠮᠠᠷᠴᠦ ᠠᠮᠵᠢᠯᠲᠡ ᠣᠯᠵᠤ ᠴᠢᠳᠠᠬᠤ ᠦᠭᠡᠢ᠂ ᠬᠡᠲᠡᠷᠬᠦ ᠪᠠᠨ ᠠᠶᠠᠨᠳᠠᠭᠠᠨ ᠰᠡᠷᠬᠦᠬᠦ ᠴᠠᠭ ᠮᠦᠴᠡ ᠶᠢ ᠲᠠᠯᠠᠭᠠᠷ ᠰᠦᠢᠳᠭᠡᠬᠦ ᠪᠤᠯᠤᠨ᠎ᠠ᠃ ᠡᠶᠢᠮᠦ ᠠᠴᠠ  ᠠᠮᠢ ᠠᠬᠤᠢ ᠶᠢᠨ ᠵᠠᠰᠠᠯᠲᠠ ᠶᠢᠨ ᠲᠤᠭ ᠢ ᠡᠷᠭᠦᠭᠰᠡᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠠᠮᠢ ᠠᠬᠤᠢ ᠶᠢᠨ ᠡᠪᠳᠡᠯᠡᠬᠦ ᠠᠷᠭ᠎ᠠ  ᠬᠢᠳᠡᠯ ᠢ ᠶᠡᠭᠡ ᠪᠠᠷ ᠰᠡᠷᠡᠮᠵᠢᠯᠡᠬᠦ ᠭᠡᠷᠡᠭᠲᠡᠢ᠃      ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ  ᠰᠡᠶᠢᠷᠡᠭᠦᠯᠪᠡ᠃︶  
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ