ᠮᠣᠩᠭᠤᠯᠴᠤᠳ ᠤᠨ ᠪᠡᠯᠡᠭ ᠬᠦᠷᠭᠡᠬᠦ ᠶᠣᠰᠣᠨ ︵ᠬᠤᠶᠠᠷ︶
ᠨᠡᠶᠢᠲᠡᠯᠡᠭᠰᠡᠨ ᠴᠠᠭ᠄
2024/12/16
       ᠮᠣᠩᠭᠤᠯᠴᠤᠳ ᠤᠨ ᠪᠡᠯᠡᠭ ᠲᠤ ᠭᠤᠣᠯᠳᠠᠭᠤ ᠥᠲᠡᠯᠦᠭᠡ ᠨᠠᠰᠤᠲᠠᠢ ᠡᠪᠦᠭᠡ ᠡᠮᠡᠭᠡ ᠳᠡᠭᠡᠨ ᠬᠠᠳᠠᠭ᠂ ᠵᠠᠭᠠᠮ᠎ᠠ ᠲᠠᠢ ᠬᠤᠪᠴᠠᠰᠤ᠂ ᠠᠯᠴᠢᠭᠤᠷ ᠪᠠᠷᠢᠵᠤ︔  ᠠᠪᠠᠭ᠎ᠠ᠂ ᠨᠠᠭᠠᠴᠤ ᠶᠢᠨ ᠦᠶ᠎ᠡ ᠶᠢᠨ ᠬᠥᠮᠥᠨ ᠳᠡᠭᠡᠨ ᠴᠠᠢ᠂ ᠲᠠᠮᠠᠬᠢ᠂ ᠬᠠᠳᠠᠭ ᠪᠠᠷᠢᠵᠤ︔ ᠠᠬ᠎ᠠ ᠳᠡᠭᠦᠦ ᠦᠶ᠎ᠡ ᠳᠡᠭᠡᠨ ᠪᠣᠯ ᠲᠠᠮᠠᠬᠢᠨ ᠬᠠᠪᠲᠠᠭ᠎ᠠ︔ ᠡᠭᠡᠴᠢ᠂  ᠪᠡᠷᠭᠡᠨ ᠳᠡᠭᠡᠨ ᠪᠣᠯ ᠪᠣᠭᠤᠷᠰᠤᠭ᠂ ᠰᠢᠬᠢᠷ ᠮᠡᠲᠦ ᠶᠢᠨ ᠠᠮᠲᠠᠲᠠᠢ ᠶᠠᠭᠤᠮ᠎ᠠ ᠶᠢ ᠬᠥᠮᠥᠰ ᠤᠨ ᠳᠤᠷᠠᠰᠢᠯ ᠢ ᠦᠨᠳᠦᠰᠦᠯᠡᠨ ᠵᠣᠬᠢᠴᠠᠭᠤᠯᠵᠤ ᠪᠡᠯᠡᠳᠬᠡᠳᠡᠭ᠃            ᠮᠣᠩᠭᠤᠯᠴᠤᠳ ᠦᠷ᠎ᠡ ᠬᠡᠦᠬᠡᠳ ᠤᠨ ᠢᠶᠠᠨ ᠬᠤᠷᠢᠮ ᠬᠢᠵᠦ᠂ ᠢᠷᠦᠭᠡᠯᠲᠦ ᠤᠷᠤᠭ ᠪᠠᠷᠢᠯᠳᠤᠭᠰᠠᠨ ᠤ ᠭᠤᠷᠪᠠᠳᠠᠭᠢ ᠬᠤᠨᠤᠭ ᠤᠨ ᠳᠠᠷᠠᠭ᠎ᠠ᠂ ᠰᠢᠨ᠎ᠡ ᠪᠡᠷᠢ  ᠲᠥᠷᠬᠦᠮ ᠤᠨ ᠭᠡᠷ ᠢᠶᠠᠨ ᠡᠷᠭᠢᠵᠦ ᠦᠵᠡᠬᠦ ᠶᠣᠰᠣᠲᠠᠢ ᠪᠠᠶᠢᠳᠠᠭ᠃ ᠲᠥᠷᠬᠦᠮ ᠳᠡᠭᠡᠨ ᠭᠤᠷᠪᠠᠨ ᠡᠳᠦᠷ ᠰᠠᠭᠤᠭᠰᠠᠨ ᠤ ᠳᠠᠷᠠᠭ᠎ᠠ ᠲᠥᠷᠬᠦᠮ ᠤᠨ ᠬᠢᠨ ᠨᠢ  ᠥᠬᠢᠨ ᠢᠶᠠᠨ ᠬᠠᠳᠠᠮ ᠤᠨ ᠭᠠᠵᠠᠷ ᠬᠦᠷᠭᠡᠵᠦ ᠣᠴᠢᠬᠤ ᠶᠢ ᠡᠷᠭᠢᠯᠲᠡ ︵ᠡᠷᠭᠢᠯᠲᠡ ᠶᠢᠨ ᠬᠤᠷᠢᠮ︶᠎ ᠪᠠᠷ ᠣᠴᠢᠳᠠᠭ ᠵᠠᠩᠰᠢᠯ ᠲᠠᠢ᠃ ᠢᠩᠭᠢᠭᠡᠳ ᠬᠦᠷᠭᠡᠨ ᠤ ᠲᠠᠯ᠎ᠠ  ᠨᠢ ᠡᠷᠭᠢᠯᠲᠡ ᠶᠢᠨ ᠬᠤᠷᠢᠮ ᠢ ᠶᠡᠬᠡᠪᠡᠷ ᠪᠡᠯᠡᠳᠬᠡᠨ ᠶᠡᠭᠡ ᠨᠠᠶᠢᠷ ᠲᠠᠯᠪᠢᠳᠠᠭ ᠪᠠᠶᠢᠨ᠎ᠠ᠃ ᠨᠠᠶᠢᠷ ᠥᠨᠳᠥᠷᠯᠡᠨ᠂ ᠡᠷᠭᠢᠯᠲᠡ ᠶᠢᠨ ᠬᠥᠮᠥᠰ ᠪᠤᠴᠠᠬᠤ ᠦᠶ᠎ᠡ ᠳᠤ ᠬᠠᠳᠠᠮ  ᠡᠵᠢ ᠨᠢ ᠪᠤᠶᠤ ᠪᠡᠷᠢ ᠨᠢ ᠲᠥᠷᠬᠦᠮ ᠠᠴᠠ ᠢᠷᠡᠭᠰᠡᠨ ᠬᠥᠮᠥᠰ ᠤᠨ ᠡᠷᠭᠢᠯᠲᠡ ᠶᠢᠨ ᠤᠭᠤᠲᠠ ᠳᠤ ᠨᠢ ᠬᠠᠳᠠᠭ᠂ ᠲᠠᠮᠠᠬᠢᠨ ᠬᠠᠪᠲᠠᠭ᠎ᠠ᠂ ᠴᠠᠢ᠂ ᠲᠠᠮᠠᠬᠢ ︵ᠬᠡᠭᠡᠰᠦ ᠲᠠᠢ︶ ᠪᠣᠣᠪᠤ᠂ ᠪᠣᠭᠤᠷᠰᠤᠭ᠂ ᠰᠢᠬᠢᠷ ᠠᠯᠴᠢᠭᠤᠷ ᠵᠡᠷᠭᠡ ᠶᠢ ᠴᠠᠭᠠᠰᠤᠨ ᠳᠤ ᠪᠣᠭᠤᠵᠤ ᠠᠮᠠᠰᠠᠷ ᠳᠡᠭᠡᠷ᠎ᠡ ᠨᠢ ᠤᠯᠠᠭᠠᠨ ᠲᠡᠮᠳᠡᠭ ᠲᠠᠯᠪᠢᠵᠤ᠂ ᠪᠣᠭᠴᠣ ︵ᠤᠭᠤᠲᠠ︶᠎ ᠳᠤ ᠬᠢᠳᠡᠭ ᠪᠠᠶᠢᠵᠠᠢ᠃              ᠵᠢᠯ ᠴᠠᠭᠠᠨ ᠰᠠᠷ᠎ᠠ ᠪᠤᠶᠤ ᠰᠠᠳᠤᠨ ᠢᠶᠠᠨ ᠡᠷᠭᠢᠬᠦ ᠪᠠᠷ ᠢᠷᠡᠭᠰᠡᠨ ᠵᠣᠴᠢᠨ ᠤ ᠤᠭᠤᠲᠠ ︵ᠪᠣᠭᠴᠣ︶᠎ ᠶᠢ ᠬᠤᠭᠤᠰᠤᠨ ᠶᠠᠪᠤᠭᠤᠯᠳᠠᠭ ᠦᠭᠡᠢ᠃  ᠪᠠᠶᠢᠳᠠᠯ ᠢ  ᠨᠢ ᠦᠵᠡᠵᠦ ᠪᠡᠯᠡᠭ ᠬᠢᠳᠡᠭ ᠰᠠᠶᠢᠬᠠᠨ ᠵᠠᠩᠰᠢᠯ ᠲᠠᠢ᠃ ᠥᠩᠭᠡᠷᠡᠭᠰᠡᠨ ᠤ ᠬᠠᠭᠤᠴᠢᠨ ᠴᠠᠭ ᠲᠤ ᠪᠡᠯᠡᠭ ᠢᠶᠠᠷ ᠦᠰᠦᠭ ᠪᠢᠴᠢᠭ ᠤᠨ ᠵᠠᠬᠢᠳᠠᠯ ᠴᠢᠮᠡᠭᠡ ᠶᠢ  ᠣᠷᠣᠯᠠᠭᠤᠯᠤᠨ᠂ ᠬᠠᠷᠢᠯᠴᠠᠨ ᠠᠮᠤᠷ ᠮᠡᠨᠳᠦ᠂ ᠰᠠᠶᠢᠨ ᠰᠠᠶᠢᠬᠠᠨ ᠢᠶᠠᠨ ᠮᠡᠳᠡᠯᠴᠡᠬᠦ᠂ ᠰᠡᠳᠬᠢᠯ ᠰᠠᠨᠠᠭ᠎ᠠ ᠪᠠᠨ ᠣᠶᠢᠯᠠᠭᠠᠯᠴᠠᠨ᠂ ᠴᠢᠮᠡᠭᠡ ᠬᠤᠯᠪᠣᠭ᠎ᠠ ᠠᠪᠴᠤ᠂ ᠦᠷ᠎ᠡ  ᠬᠡᠦᠬᠡᠳ᠂ ᠲᠥᠷᠥᠯ ᠰᠠᠳᠤᠨ ᠤ ᠬᠠᠷᠢᠴᠠᠭ᠎ᠠ ᠶᠢ ᠨᠢᠭᠲᠠᠷᠠᠭᠤᠯᠤᠨ ᠭᠦᠨ ᠤᠴᠢᠷ ᠤᠳᠬ᠎ᠠ ᠲᠠᠢ ᠦᠨᠳᠦᠰᠦᠲᠡᠨ ᠤ ᠵᠠᠩ ᠵᠠᠩᠰᠢᠯ᠂ ᠵᠠᠩ ᠦᠢᠯᠡ ᠲᠠᠢ ᠪᠠᠶᠢᠭᠰᠠᠨ  ᠶᠤᠮ᠃            ᠮᠣᠩᠭᠤᠯᠴᠤᠳ ᠣᠳᠣᠬᠠᠨ ᠳᠤ ᠮᠥᠨ ᠵᠠᠷᠢᠮ ᠭᠠᠵᠠᠷ ᠣᠷᠣᠨ ᠳᠤ ᠡᠨᠡ ᠬᠦ ᠰᠠᠶᠢᠨ ᠰᠠᠶᠢᠬᠠᠨ ᠵᠠᠩ ᠦᠢᠯᠡ ᠨᠢ ᠬᠠᠳᠠᠭᠠᠯᠠᠭᠳᠠᠵᠤ ᠪᠠᠶᠢᠭ᠎ᠠ ᠶᠤᠮ᠃ ᠡᠨᠡ  ᠶᠠᠷᠢᠭᠰᠠᠨ ᠪᠡᠯᠡᠭ ᠬᠦᠷᠭᠡᠬᠦ ᠵᠠᠩᠰᠢᠯ ᠨᠢ ᠬᠤᠶᠢᠲᠤ ᠬᠡᠰᠡᠭ ᠤᠨ ᠵᠠᠩ ᠵᠠᠩᠰᠢᠯ ᠢ ᠶᠠᠷᠢᠭᠰᠠᠨ ᠪᠠᠶᠢᠳᠠᠭ᠃ ᠤᠴᠢᠷ ᠨᠢ ᠵᠠᠷᠢᠮ ᠵᠠᠩ ᠵᠠᠩᠰᠢᠯ ᠨᠢ ᠠᠳᠠᠯᠢ ᠦᠭᠡᠢ  ᠨᠡᠯᠢᠶᠡᠳ ᠵᠥᠷᠢᠶ᠎ᠡ ᠲᠠᠢ ᠪᠠᠶᠢᠳᠠᠭ᠃        
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ