ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠣᠷᠣᠨ ᠤ 6 ᠠᠶᠢᠮᠠᠭ | ᠬᠤᠲᠠ ᠠᠴᠠ ᠰᠢᠯᠢᠨ ᠰᠣᠩᠭᠤᠭᠰᠠᠨ 14 ᠬᠡᠷᠡᠭ ᠤᠨ ᠵᠢᠱᠢᠶ᠎ᠡ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠪᠠ ᠦᠨᠡᠯᠡᠨ ᠰᠤᠳᠤᠯᠬᠤ ᠲᠥᠪ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠰᠢᠯᠭᠠᠷᠠᠭᠤᠯᠤᠯᠲᠠ ᠪᠠᠷ | ᠲᠠᠮᠵᠢᠨ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠥᠭᠡᠷᠡᠴᠢᠯᠡᠯᠲᠡ ᠶᠢᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ | ᠰᠣᠩᠭᠤᠭᠳᠠᠭᠰᠠᠨ ᠪᠠᠶᠢᠨ᠎ᠠ᠃ | ᠦᠬᠠᠢ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽︿ᠳᠥᠷᠪᠡ ᠶᠢ ᠨᠢᠭᠡ ᠴᠣᠭᠴᠠᠵᠢᠭᠤᠯᠬᠤ﹀ ᠪᠠᠷ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠢᠯᠢᠳᠡᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ︾᠂ ᠤᠯᠠᠭᠠᠨᠬᠠᠳᠠ ᠬᠤᠳᠠ ᠶᠢᠨ ᠰᠦᠩᠱᠠᠠ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠶᠢᠨ︽︿ᠨᠢᠭᠡ ᠲᠠᠪᠤ ᠲᠠᠪᠤ ᠨᠠᠢᠮᠠ﹀ ᠶᠢᠨ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠦᠨᠡᠯᠡᠨ ᠵᠢᠱᠢᠬᠦ ᠰᠢᠰᠲ᠋ᠧᠮ ᠤᠨ ᠦᠢᠯᠡᠳᠦᠯᠭᠡ ᠪᠠ | ᠰᠦᠪᠡᠭᠴᠢᠯᠡᠯ︾ᠵᠡᠷᠭᠡ 14 ᠬᠡᠷᠡᠭ ᠤᠨ ᠵᠢᠱᠢᠶ᠎ᠡ ᠨᠢ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠳᠦᠷᠢᠮ ᠤᠨ ᠪᠠᠶᠢᠭᠤᠯᠤᠯᠲᠠ᠂ ᠪᠠᠶᠢᠭᠤᠯᠤᠮᠵᠢ | ᠡᠩᠨᠡᠭᠡ ᠶᠢᠨ ᠪᠠᠶᠢᠭᠤᠯᠤᠯᠲᠠ᠂ ᠰᠤᠷᠭᠠᠭᠤᠯᠢ ᠶᠢᠨ ᠦᠨᠡᠯᠡᠨ ᠵᠢᠱᠢᠯᠲᠡ᠂ ᠶᠠᠰᠤ ᠴᠢᠨᠠᠷ ᠤᠨ ᠬᠢᠨᠠᠨ ᠰᠢᠯᠭᠠᠯᠲᠠ᠂ ᠮᠡᠷᠭᠡᠵᠢᠯ ᠤᠨ ᠠᠷᠭ᠎ᠠ ᠵᠡᠷᠭᠡ ᠡᠯ᠎ᠡ ᠲᠠᠯ᠎ᠠ ᠳᠤ | ᠬᠤᠯᠪᠣᠭᠳᠠᠵᠤ᠂ ᠬᠢᠨᠠᠨ ᠵᠢᠯᠤᠭᠤᠳᠬᠤ ᠠᠵᠢᠯ ᠤᠨ ᠠᠬᠤᠢ ᠪᠠᠶᠢᠳᠠᠯ᠂ ᠰᠢᠨ᠎ᠡ ᠶᠢ ᠡᠭᠦᠳᠬᠦ ᠠᠷᠭ᠎ᠠ ᠪᠠᠷᠢᠯ᠂ ᠪᠣᠳᠠᠲᠠᠢ ᠦᠷ᠎ᠡ ᠪᠦᠲᠦᠮᠵᠢ ᠪᠠ ᠢᠷᠡᠭᠡᠳᠦᠢ ᠶᠢᠨ | ᠪᠠᠷᠠᠯᠠᠯ ᠢ ᠭᠦᠨᠵᠡᠭᠡᠢ ᠵᠠᠳᠠᠯᠬᠤ ᠪᠠᠷ ᠳᠡᠮᠵᠢᠨ ᠠᠶᠢᠮᠠᠭ ᠬᠤᠲᠠ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠠᠵᠢᠯ ᠤᠨ ᠭᠢᠯᠠᠰ | ᠴᠡᠭ ᠪᠠ ᠣᠨᠴᠠᠯᠢᠭ ᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃ | ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ | ᠱᠠᠯᠠᠪᠳᠠᠭᠤᠯᠤᠨ ᠵᠢᠯᠤᠭᠤᠳᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ︽ᠵᠠᠰᠠᠭ ᠤᠨ ᠶᠠᠪᠤᠳᠠᠯ ᠢ | ᠱᠠᠯᠠᠪᠳᠠᠭᠤᠯᠤᠨ ᠵᠢᠯᠤᠭᠤᠳᠬᠤ᠂ ᠰᠤᠷᠭᠠᠭᠤᠯᠢ ᠶᠢ ᠱᠠᠯᠠᠪᠳᠠᠭᠤᠯᠤᠨ ᠵᠢᠯᠤᠭᠤᠳᠬᠤ᠂ ᠦᠨᠡᠯᠡᠨ ᠵᠢᠱᠢᠬᠦ ᠶᠢ ᠱᠠᠯᠠᠪᠳᠠᠭᠤᠯᠤᠨ ᠪᠠᠶᠢᠴᠠᠭᠠᠬᠤ︾ ᠭᠤᠷᠪᠠ ᠶᠢ ᠨᠢᠭᠡ | ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠰᠢᠰᠲ᠋ᠧᠮ ᠢ ᠪᠠᠶᠢᠭᠤᠯᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠰᠤᠷᠭᠠᠭᠤᠯᠢ ᠶᠢ ᠱᠠᠯᠠᠪᠳᠠᠭᠤᠯᠤᠨ ᠪᠠᠶᠢᠴᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠣᠯᠪᠠᠰᠤᠷᠠᠯ ᠬᠦᠷᠲᠡᠭᠡᠬᠦ᠂ | ᠲᠥᠪᠯᠡᠷᠡᠭᠦᠯᠦᠨ ᠰᠤᠳᠤᠯᠤᠨ ᠰᠤᠷᠤᠯᠴᠠᠬᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠱᠠᠯᠠᠪᠳᠠᠭᠤᠯᠤᠨ ᠪᠠᠶᠢᠴᠠᠭᠠᠬᠤ ᠬᠢᠷᠢ | ᠲᠦᠪᠰᠢᠨ ᠢ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠰᠤᠳᠤᠯᠭᠠᠨ ᠢ ᠴᠢᠩᠭᠠᠳᠬᠠᠵᠤ᠂ ᠡᠯ᠎ᠡ ᠭᠠᠵᠠᠷ ᠤᠨ ᠬᠢᠨ ᠬᠡᠷᠡᠭ ᠤᠨ | ᠵᠢᠱᠢᠶ᠎ᠡ᠂ ᠭᠢᠯᠠᠰ ᠴᠡᠭ ᠢ ᠴᠠᠭ ᠲᠤᠬᠠᠢ ᠳᠤᠨᠢ ᠳ᠋ᠦᠩᠨᠡᠬᠦ ᠶᠢ ᠴᠢᠬᠤᠯᠠᠴᠢᠯᠠᠨ ᠵᠢᠯᠤᠭᠤᠳᠴᠤ᠂ ᠪᠣᠳᠠᠲᠠᠢ ᠬᠡᠷᠡᠭ ᠤᠨ ᠵᠢᠱᠢᠶ᠎ᠡ ᠪᠠᠷ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠪᠠᠷ ᠳᠠᠮᠵᠢᠨ ᠬᠠᠷᠢᠯᠴᠠᠨ ᠯᠠᠪᠯᠠᠯᠲᠠ ᠪᠤᠯᠭᠠᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠠᠵᠢᠯ ᠤᠨ ᠵᠢᠮ᠎ᠡ | ᠶᠣᠰᠣᠨ ᠤ ᠲᠤᠬᠠᠢ ᠲᠠᠨᠢᠯᠲᠠ ᠶᠢ ᠭᠦᠨᠵᠡᠭᠡᠶᠢᠷᠡᠭᠦᠯᠦᠨ ᠱᠠᠯᠠᠪᠳᠠᠭᠤᠯᠤᠨ ᠵᠢᠯᠤᠭᠤᠳᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠱᠠᠯᠠᠪᠳᠠᠭᠤᠯᠤᠨ | ᠵᠢᠯᠤᠭᠤᠳᠬᠤ ᠣᠶᠤᠨ ᠤᠬᠠᠭᠠᠨ ᠢ ᠨᠢᠭᠲᠠᠷᠠᠭᠤᠯᠤᠨ ᠪᠦᠭᠦ ᠣᠷᠣᠨ ᠤ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠳᠤ ᠬᠦᠴᠦᠨ | ᠨᠡᠮᠡᠷᠢᠯᠡᠪᠡ᠃ | | | |