ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ | ᠡᠷᠭᠢᠯᠡᠵᠦ᠂ ᠲᠦᠩᠯᠢᠶᠣᠣ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ | ᠤᠷᠤᠯᠳᠤᠭᠠᠨ ᠤ ᠥᠪᠥᠷ ᠮᠣᠩᠭᠤᠯ ᠳᠠᠬᠢ ᠰᠢᠯᠭᠠᠷᠠᠭᠤᠯᠬᠤ ᠤᠷᠤᠯᠳᠤᠭᠠᠨ ᠲᠦᠩᠯᠢᠶᠣᠣ ᠳᠤ ᠶᠠᠪᠤᠭᠳᠠᠵᠤ᠂ ᠪᠦᠭᠦ ᠣᠷᠣᠨ ᠤ 12 ᠠᠶᠢᠮᠠᠭ ᠬᠤᠲᠠ ᠶᠢᠨ 35 | ᠳᠡᠭᠡᠳᠦ ᠰᠤᠷᠭᠠᠭᠤᠯᠢ ᠶᠢᠨ 228 ᠪᠠᠭᠰᠢ ᠤᠷᠤᠯᠳᠤᠭᠠᠨ ᠳᠤ ᠣᠷᠣᠯᠴᠠᠵᠠᠢ᠃ | ᠲᠣᠰ ᠤᠷᠤᠯᠳᠤᠭᠠᠨ ᠳᠤ ︽ᠶᠣᠰᠣ ᠰᠤᠷᠲᠠᠬᠤᠨ ᠪᠠ ᠤᠷ᠎ᠠ ᠴᠢᠳᠠᠪᠤᠷᠢ ᠪᠠᠷ ᠬᠥᠮᠥᠨ ᠢ ᠬᠥᠮᠥᠵᠢᠭᠦᠯᠬᠦ︾ ᠪᠠᠷ ᠭᠤᠣᠯ ᠰᠡᠳᠦᠪ ᠪᠤᠯᠭᠠᠵᠤ᠂ ᠵᠢᠭᠠᠨ | ᠰᠤᠷᠭᠠᠯᠲᠠ ᠶᠢᠨ ᠤᠷᠤᠯᠳᠤᠭᠠᠨ ᠪᠠ ᠠᠩᠭᠢ ᠶᠢᠨ ᠡᠷᠭᠢᠯᠡᠭᠴᠢ ᠶᠢᠨ ᠤᠷᠤᠯᠳᠤᠭᠠᠨ ᠭᠡᠬᠦ ᠬᠤᠶᠠᠷ ᠤᠷᠤᠯᠳᠤᠭᠠᠨ ᠤ ᠲᠦᠷᠦᠯ ᠢ ᠲᠣᠬᠢᠷᠠᠭᠤᠯᠵᠤ᠂ ᠲᠤᠬᠠᠢ ᠶᠢᠨ | ᠲᠠᠯᠠᠪᠤᠷ ᠲᠤ ᠬᠢᠴᠢᠶᠡᠯ ᠶᠠᠷᠢᠬᠤ ᠪᠠ ᠨᠣᠮ ᠬᠠᠶᠠᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠢᠯᠭᠠᠷᠠᠭᠤᠯᠤᠯᠲᠠ ᠬᠢᠪᠡ᠃ ᠵᠢᠭᠠᠨ ᠰᠤᠷᠭᠠᠯᠲᠠ ᠶᠢᠨ | ᠤᠷᠤᠯᠳᠤᠭᠠᠨ ᠳᠤ ᠨᠡᠶᠢᠲᠡ ᠶᠢᠨ ᠬᠢᠴᠢᠶᠡᠯ ᠪᠠ ᠨᠡᠶᠢᠳᠡᠮ ᠬᠡᠷᠡᠭᠯᠡᠬᠦ ᠠᠵᠢᠯ ᠮᠡᠷᠭᠡᠵᠢᠯ ᠤᠨ ᠬᠡᠪ ᠴᠢᠨᠠᠷ ᠤᠨ ᠲᠥᠷᠥᠯ᠂ ᠮᠧᠬᠠᠨᠢᠭ ᠤᠨ ᠲᠥᠷᠥᠯ᠂ ᠮᠡᠳᠡᠭᠡ ᠵᠠᠩᠭᠢ ᠶᠢᠨ | ᠲᠥᠷᠥᠯ᠂ ᠵᠠᠮ ᠬᠠᠷᠢᠯᠴᠠᠭᠠᠨ ᠤ ᠲᠥᠷᠥᠯ᠂ ᠦᠢᠯᠡᠴᠢᠯᠡᠭᠡᠨ ᠤ ᠲᠥᠷᠥᠯ᠂ ᠡᠳ᠋ ᠤᠨ ᠵᠠᠰᠠᠭ ᠠᠵᠤ ᠠᠬᠤᠢ ᠠᠷᠠᠯᠵᠢᠶ᠎ᠠ ᠬᠤᠳᠠᠯᠳᠤᠭᠠᠨ ᠤ ᠲᠥᠷᠥᠯ᠂ ᠰᠣᠶᠣᠯ ᠤᠷᠠᠯᠢᠭ | ᠪᠠ ᠶᠡᠷᠦᠩᠬᠡᠶᠢᠯᠡᠭᠰᠡᠨ ᠲᠥᠷᠥᠯ ᠵᠡᠷᠭᠡ 9 ᠲᠥᠷᠥᠯ ᠲᠣᠬᠢᠷᠠᠭᠤᠯᠵᠠᠢ᠃ | ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠬᠰᠠᠨ ᠪᠠᠭᠰᠢ ᠨᠠᠷ ᠴᠢᠩᠭ᠎ᠠ ᠨᠢᠮᠪᠠᠢ ᠵᠢᠭᠠᠨ ᠰᠤᠷᠭᠠᠬᠤ ᠣᠪᠣᠷ᠂ ᠯᠠᠪᠳᠠᠭᠤᠨ ᠪᠠᠲᠤᠲᠠᠢ | ᠲᠤᠰᠬᠠᠢ ᠮᠡᠷᠭᠡᠵᠢᠯ ᠤᠨ ᠰᠠᠭᠤᠷᠢ ᠪᠠ ᠰᠢᠨ᠎ᠡ ᠶᠢ ᠡᠭᠦᠳᠬᠦ ᠵᠢᠭᠠᠨ ᠰᠤᠷᠭᠠᠯᠲᠠ ᠶᠢᠨ ᠠᠷᠭ᠎ᠠ ᠪᠠᠷ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ | ᠪᠠᠭᠰᠢ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠬᠡᠪ ᠴᠢᠨᠠᠷ᠂ | ᠣᠨᠣᠯ ᠤᠨ ᠮᠡᠳᠡᠯᠭᠡ ᠶᠢᠨ ᠬᠢᠷᠢ ᠬᠡᠮᠵᠢᠶ᠎ᠡ᠂ ᠦᠢᠯᠡᠳᠦᠯᠭᠡ ᠶᠢᠨ ᠠᠵᠢᠯᠯᠠᠭ᠎ᠠ ᠵᠢᠴᠢ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠶᠢ ᠬᠡᠷᠡᠭᠯᠡᠬᠦ ᠲᠠᠯ᠎ᠠ ᠪᠠᠷ ᠰᠢᠯᠭᠠᠨ | ᠪᠠᠶᠢᠴᠠᠭᠠᠵᠤ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ | ᠴᠢᠨᠠᠷ ᠢ ᠦᠨᠡᠨ ᠬᠦ ᠴᠢᠩᠭᠠᠳᠬᠠᠪᠠ᠃ | | | |