ᠰᠤᠷᠭᠠᠨ ᠬᠥᠮᠦᠵᠢᠯ ᠤᠨ ᠶᠠᠮᠤᠨ᠄ ᠳᠤᠮᠳᠠᠳᠤ ᠪᠠᠭ᠎ᠠ ᠰᠤᠷᠭᠠᠭᠤᠯᠢ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠢᠳᠡᠭᠡᠨ ᠤ ᠠᠮᠤᠷ ᠲᠦᠪᠰᠢᠨ ᠵᠢᠴᠢ  ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/12/16
       ᠰᠤᠷᠪᠤᠯᠵᠢᠯᠠᠬᠴᠢ 22᠎ ᠤᠨ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ  ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ  ᠠᠵᠢᠯ ᠤᠨ ᠵᠢᠯᠣᠭᠤᠳᠤᠮᠵᠢ︾᠎ ᠶᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ ᠶᠢᠨ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠢ  ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯᠯᠠᠬᠤ ᠶᠠᠪᠤᠴᠠ ᠪᠠ ᠵᠢᠷᠤᠮᠵᠢᠭᠤᠯᠬᠤ ᠪᠠᠷᠢᠮᠵᠢᠶ᠎ᠠ ᠶᠢ ᠨᠠᠷᠢᠯᠢᠭᠵᠢᠭᠤᠯᠪᠠ᠃ ᠠᠵᠢᠯ ᠤᠨ ᠵᠢᠯᠣᠭᠤᠳᠤᠯᠭ᠎ᠠ ᠶᠢ  ᠦᠨᠳᠦᠰᠦᠯᠡᠨ᠂ ᠰᠤᠷᠭᠠᠭᠤᠯᠢ ᠨᠢ ᠰᠤᠷᠤᠯᠭ᠎ᠠ ᠶᠢᠨ ᠬᠤᠭᠤᠴᠠᠭ᠎ᠠ ᠪᠦᠷᠢ ᠪᠠᠭᠰᠢ ᠰᠣᠷᠣᠬᠴᠢ ᠪᠣᠯᠣᠨ ᠭᠡᠷ ᠤᠨ ᠠᠬᠠᠮᠠᠳ ᠲᠤ ᠬᠠᠨᠳᠤᠭᠤᠯᠤᠨ ᠢᠳᠡᠭᠡᠨ ᠤ ᠠᠮᠤᠷ  ᠲᠦᠪᠰᠢᠨ ᠵᠢᠴᠢ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠶᠢ ᠲᠣᠰ ᠲᠣᠰ ᠨᠢᠭᠡ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠤᠭᠤᠯᠠ  ᠬᠠᠩᠭᠠᠬᠤ ᠶᠠᠰᠤ ᠴᠢᠨᠠᠷ᠂ ᠦᠨ᠎ᠡ ᠬᠠᠩᠰᠢ᠂ ᠡᠷᠡᠭᠦᠯ ᠬᠠᠮᠠᠭᠠᠯᠠᠯ᠂ ᠦᠢᠯᠡᠴᠢᠯᠡᠭᠡᠨ ᠤ ᠣᠪᠣᠷ ᠵᠡᠷᠭᠡ ᠳᠤ ᠪᠦᠭᠦ ᠲᠠᠯ᠎ᠠ ᠶᠢᠨ ᠦᠨᠡᠯᠡᠯᠲᠡ ᠬᠢᠬᠦ ᠶᠢᠨ ᠬᠠᠮᠲᠤ᠂ ᠰᠠᠨᠠᠯ ᠵᠢᠴᠢ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠭᠰᠢ ᠰᠣᠷᠣᠬᠴᠢ ᠪᠣᠯᠣᠨ ᠭᠡᠷ ᠤᠨ ᠠᠬᠠᠮᠠᠳ ᠲᠤ ᠬᠠᠷᠢᠭᠤ ᠲᠤᠰᠬᠠᠬᠤ ᠪᠣᠯᠣᠨ᠎ᠠ᠃        ᠠᠵᠢᠯ ᠤᠨ ᠵᠢᠯᠣᠭᠤᠳᠤᠮᠵᠢ ᠳᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ  ᠬᠠᠮᠢᠶᠠᠷᠤᠯᠲᠠ ᠳᠤ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠵᠠᠬᠢᠷᠤᠯ ᠨᠢᠭᠡᠳᠦᠭᠡᠷ  ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠮᠲᠤ ᠬᠤᠭᠤᠯᠠᠯᠠᠬᠤ ᠳᠦᠷᠢᠮ ᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠬᠤᠭᠤᠯᠠ  ᠪᠣᠯᠭᠠᠨ ᠳᠤ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠰᠣᠷᠣᠬᠴᠢ ᠬᠠᠮᠲᠤ ᠪᠠᠷ ᠬᠤᠭᠤᠯᠠᠯᠠᠬᠤ ᠶᠢ ᠦᠨᠡᠨ ᠬᠦ ᠪᠠᠲᠤᠯᠠᠵᠤ᠂ ᠨᠥᠬᠦᠴᠡᠯ ᠲᠠᠢ  ᠳᠤᠮᠳᠠᠳᠤ ᠪᠠᠭ᠎ᠠ ᠰᠤᠷᠭᠠᠭᠤᠯᠢ ᠭᠡᠷ ᠤᠨ ᠠᠬᠠᠮᠠᠳ ᠬᠠᠮᠲᠤ ᠬᠤᠭᠤᠯᠠᠯᠠᠬᠤ ᠳᠦᠷᠢᠮ ᠢ ᠪᠠᠶᠢᠭᠤᠯᠬᠤ ᠭᠡᠷᠡᠭᠲᠡᠶ; ᠰᠤᠷᠭᠠᠭᠤᠯᠢ ᠶᠢᠨ ᠬᠦᠷᠢᠶᠡᠨ ᠤ ᠬᠤᠭᠤᠯᠠ  ᠤᠮᠳᠠ ᠳᠤ ᠬᠢᠨᠠᠯᠲᠠ ᠲᠠᠯᠪᠢᠬᠤ ᠭᠡᠷ ᠤᠨ ᠠᠬᠠᠮᠠᠳ ᠤᠨ ᠺᠣᠮᠢᠰ ᠢ ᠪᠠᠶᠢᠭᠤᠯᠵᠤ᠂ ᠭᠡᠷ ᠤᠨ ᠠᠬᠠᠮᠠᠳ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠬᠠᠮᠲᠤ  ᠬᠤᠭᠤᠯᠠᠯᠠᠬᠤ᠂ ᠶᠠᠰᠤ ᠴᠢᠨᠠᠷ ᠢ ᠦᠨᠡᠯᠡᠬᠦ᠂ ᠠᠮᠤᠷ ᠲᠦᠪᠰᠢᠨ ᠢ ᠪᠠᠶᠢᠴᠠᠭᠠᠬᠤ᠂ ᠣᠷᠣᠯᠭ᠎ᠠ ᠵᠠᠷᠤᠯᠭ᠎ᠠ ᠶᠢ ᠢᠯᠡ ᠪᠤᠯᠭᠠᠬᠤ ᠵᠡᠷᠭᠡ ᠴᠢᠬᠤᠯᠠ ᠶᠡᠭᠡ ᠬᠡᠷᠡᠭ ᠶᠠᠪᠤᠳᠠᠯ ᠳᠤ  ᠬᠢᠨᠠᠯᠲᠠ ᠲᠠᠯᠪᠢᠬᠤ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠨᠤᠭᠤᠳ ᠱᠠᠭᠠᠷᠳᠠᠯᠭ᠎ᠠ ᠶᠣᠰᠣᠭᠠᠷ ᠢᠳᠡᠭᠡᠨ ᠤ ᠠᠮᠤᠷ ᠲᠦᠪᠰᠢᠨ ᠤ ᠠᠵᠢᠯᠲᠠᠨ ᠲᠣᠬᠢᠷᠠᠭᠤᠯᠵᠤ᠂  500 ᠬᠥᠮᠥᠨ ᠠᠴᠠ ᠳᠡᠭᠡᠭᠰᠢᠬᠢ ᠰᠤᠷᠭᠠᠭᠤᠯᠢ ᠶᠢᠨ ᠬᠤᠭᠤᠯᠠᠨ ᠭᠡᠷ ᠲᠤ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠲᠣᠬᠢᠷᠠᠭᠤᠯᠬᠤ ᠬᠡᠷᠡᠭᠲᠡᠢ ᠭᠡᠵᠦ  ᠲᠣᠳᠣᠷᠬᠠᠶᠢᠯᠠᠪᠠ᠃        ᠰᠤᠷᠭᠠᠭᠤᠯᠢ ᠶᠢᠨ ᠢᠳᠡᠭᠡᠨ ᠬᠤᠳᠠᠯᠳᠤᠨ ᠠᠪᠬᠤ᠂ ᠰᠢᠯᠭᠠᠨ ᠠᠪᠬᠤ᠂ ᠡᠳ᠋ᠰᠢᠭᠦᠯᠬᠦ᠂ ᠬᠠᠳᠠᠭᠠᠯᠠᠬᠤ᠂ ᠲᠣᠬᠢᠷᠠᠭᠤᠯᠤᠨ ᠬᠦᠷᠭᠡᠬᠦ ᠵᠡᠷᠭᠡ ᠵᠠᠩᠭᠢᠯᠠᠭ᠎ᠠ ᠶᠢᠨ  ᠲᠠᠯ᠎ᠠ ᠶᠢᠨ ᠬᠠᠮᠢᠶᠠᠷᠤᠯᠲᠠ ᠳᠤ ᠴᠢᠭᠯᠡᠭᠦᠯᠦᠨ᠂ ᠠᠵᠢᠯ ᠤᠨ ᠵᠢᠯᠣᠭᠤᠳᠤᠮᠵᠢ ᠶᠢᠨ ᠱᠠᠭᠠᠷᠳᠠᠯᠭ᠎ᠠ ᠶᠣᠰᠣᠭᠠᠷ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠬᠠᠩᠭᠠᠬᠤ  ᠪᠣᠭᠤᠮᠲᠠ ᠶᠢ ᠴᠢᠩᠭ᠎ᠠ ᠠᠳᠬᠤᠵᠤ᠂ ᠪᠥᠭᠡᠮ ᠢᠳᠡᠭᠡᠨ ᠤ ᠮᠠᠲ᠋ᠧᠷᠢᠶᠠᠯ ᠣᠷᠣᠭᠤᠯᠬᠤ ᠳᠤᠮᠳᠠᠬᠢ ᠪᠠᠶᠢᠴᠠᠭᠠᠨ ᠰᠢᠯᠭᠠᠬᠤ ᠶᠢ ᠴᠢᠩᠭ᠎ᠠ ᠵᠢᠷᠤᠮᠵᠢᠭᠤᠯᠤᠨ᠂ ︽ᠬᠤᠶᠠᠷ  ᠬᠥᠮᠥᠨ ᠪᠤᠶᠤ ᠣᠯᠠᠨ ᠬᠥᠮᠥᠨ ᠬᠠᠮᠲᠤᠷᠠᠨ ᠪᠠᠶᠢᠴᠠᠭᠠᠬᠤ︾ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠵᠤ᠂ ᠢᠳᠡᠭᠡᠨ ᠤ ᠮᠠᠲ᠋ᠧᠷᠢᠶᠠᠯ ᠢ ᠰᠤᠷᠭᠠᠭᠤᠯᠢ ᠶᠢᠨ  ᠬᠦᠷᠢᠶᠡᠨ ᠳᠤ ᠣᠷᠣᠭᠤᠯᠬᠤ ᠬᠠᠮᠢᠶᠠᠷᠤᠯᠲᠠ ᠶᠢ ᠴᠢᠩᠭᠠᠷᠠᠭᠤᠯᠬᠤ ᠭᠡᠷᠡᠭᠲᠡᠢ; ᠳᠤᠮᠳᠠᠳᠤ ᠪᠠᠭ᠎ᠠ ᠰᠤᠷᠭᠠᠭᠤᠯᠢ ᠶᠢᠨ ᠥᠪᠡᠰᠦᠪᠡᠨ ᠡᠵᠡᠩᠨᠡᠬᠦ ᠬᠤᠭᠤᠯᠠᠨ ᠭᠡᠷ ᠤᠨ  ᠪᠦᠲᠦᠭᠡᠨ ᠪᠠᠶᠢᠭᠤᠯᠤᠯᠲᠠ᠂ ᠬᠤᠭᠤᠯᠠᠨ ᠭᠡᠷ ᠢ ᠭᠠᠳᠠᠭᠰᠢ ᠳᠠᠭᠠᠭᠠᠴᠢᠯᠠᠭᠤᠯᠬᠤ ᠪᠤᠶᠤ ᠨᠠᠶᠢᠳᠠᠵᠤ ᠡᠵᠡᠩᠨᠡᠭᠦᠯᠬᠦ ᠶᠢ ᠠᠬᠢᠭᠤᠯᠬᠤ ᠶᠢ ᠱᠠᠭᠠᠷᠳᠠᠭᠰᠠᠨ ᠪᠣᠯ  ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠷᠭ᠎ᠠ ᠭᠡᠯᠪᠡᠷᠢ ᠪᠠᠷ ᠢᠯᠡ ᠪᠠᠷ ᠲᠣᠭᠲᠠᠭᠠᠵᠤ᠂ ᠵᠥᠪᠰᠢᠶᠡᠷᠡᠨ ᠣᠷᠣᠭᠤᠯᠬᠤ᠂ ᠬᠢᠨᠠᠨ ᠰᠢᠯᠭᠠᠵᠤ  ᠦᠨᠡᠯᠡᠬᠦ ᠪᠠ ᠪᠤᠴᠠᠭᠠᠵᠤ ᠭᠠᠷᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃        ᠠᠵᠢᠯ ᠤᠨ ᠵᠢᠯᠣᠭᠤᠳᠤᠮᠵᠢ ᠨᠢ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠳᠤ᠂ ᠪᠡᠶ᠎ᠡ ᠪᠠᠨ ᠳᠠᠭᠠᠭᠠᠵᠤ ᠡᠵᠡᠩᠨᠡᠭᠰᠡᠨ ᠳᠤᠮᠳᠠᠳᠤ ᠪᠠᠭ᠎ᠠ  ᠰᠤᠷᠭᠠᠭᠤᠯᠢ ᠶᠢᠨ ᠬᠤᠭᠤᠯᠠᠨ ᠭᠡᠷ ᠨᠢ ᠪᠡᠶ᠎ᠡ ᠪᠠᠨ ᠳᠠᠭᠠᠭᠠᠨ ᠨᠢᠭᠲᠠᠯᠠᠨ ᠪᠤᠳᠤᠵᠤ ᠲᠣᠭᠠᠴᠠᠭ᠎ᠠ ᠬᠢᠵᠦ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ  ᠬᠡᠷᠡᠭᠵᠢᠭᠦᠯᠬᠦ ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠪᠡᠯᠡ  ᠮᠥᠩᠭᠦ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠂ ᠮᠡᠳᠡᠭᠡ ᠵᠠᠩᠭᠢ ᠶᠢ ᠢᠯᠡ  ᠪᠤᠯᠭᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠯᠭ᠎ᠠ ᠳᠤᠷᠠᠳᠴᠠᠢ᠃     
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ