ᠮᠠᠨ ᠤ ᠣᠷᠣᠨ 2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ  ᠥᠭᠡᠷᠡᠴᠢᠯᠡᠯᠲᠡ ᠳᠤ ᠵᠣᠬᠢᠴᠠᠬᠤ ᠰᠣᠷᠢᠯᠲᠠ ᠬᠢᠬᠦ ᠵᠠᠷᠯᠠᠯ ᠨᠡᠶᠢᠲᠡᠯᠡᠪᠡ
ᠨᠡᠶᠢᠲᠡᠯᠡᠭᠰᠡᠨ ᠴᠠᠭ᠄
2024/12/16
       ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ ᠪᠠᠷ 2025 ᠣᠨ ᠤ 1 ᠰᠠᠷ᠎ᠠ ᠶᠢᠨ 3᠎ ᠠᠴᠠ 6᠎ ᠤ ᠡᠳᠦᠷ ᠪᠤᠯᠲᠠᠯ᠎ᠠ ᠮᠠᠨ ᠤ  ᠣᠷᠣᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠵᠣᠬᠢᠴᠠᠬᠤ  ᠰᠣᠷᠢᠯᠲᠠ ᠬᠢᠬᠦ ᠪᠠᠷ ᠲᠣᠭᠲᠠᠪᠠ᠃ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠳᠤ  ᠣᠷᠤᠯᠴᠠᠬᠤ ᠪᠠᠷ ᠨᠡᠷ᠎ᠡ ᠮᠡᠳᠡᠭᠦᠯᠦᠭᠰᠡᠨ ᠪᠥᠭᠡᠳ ᠨᠠᠮᠤᠷ ᠤᠨ ᠤᠯᠠᠷᠢᠯ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠬᠤ ᠰᠤᠷᠤᠬᠴᠢᠳ ᠰᠣᠷᠢᠯᠲᠠ ᠳᠤ ᠣᠷᠣᠯᠴᠠᠨ᠎ᠠ᠃  ᠡᠭᠦᠨ ᠳᠤ᠂ ᠲᠤᠰᠬᠠᠢ ᠮᠡᠷᠭᠡᠵᠢᠯ ᠢᠶᠠᠷ ᠵᠣᠯᠭᠠᠭᠤᠯᠤᠨ ᠡᠯᠰᠡᠬᠦ ᠰᠢᠯᠭᠠᠯᠲᠠ ᠳᠤ ᠣᠷᠤᠯᠴᠠᠬᠤ ᠰᠤᠷᠤᠬᠴᠢ ᠶᠢ ᠪᠠᠭᠲᠠᠭᠠᠬᠤ ᠦᠭᠡᠢ᠃         ᠰᠣᠷᠢᠯᠲᠠ ᠨᠢ ︽3+1+2︾ ᠵᠠᠭᠪᠤᠷ ᠢ ᠬᠡᠷᠡᠭᠯᠡᠨ᠎ᠡ᠃ ︽3︾ ᠭᠡᠳᠡᠭ ᠨᠢ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ ︵ᠠᠩᠭ᠍ᠯᠢ ᠭᠡᠯᠡ᠂  ᠣᠷᠣᠰ ᠭᠡᠯᠡ᠂ ᠶᠠᠫᠤᠨ ᠭᠡᠯᠡ᠂ ᠹᠷᠠᠨᠼᠢ ᠭᠡᠯᠡ᠂ ᠭᠧᠷᠮᠠᠨ ᠭᠡᠯᠡ᠂ ᠢᠰᠫᠠᠨᠢ ᠭᠡᠯᠡ ᠪᠠᠭᠲᠠᠨ᠎ᠠ︶ ᠵᠡᠷᠭᠡ 3 ᠲᠥᠷᠥᠯ ᠤᠨ ᠨᠢᠭᠡᠳᠦᠯᠲᠡᠢ ᠰᠢᠯᠭᠠᠬᠤ ᠬᠢᠴᠢᠶᠡᠯ ᠲᠥᠷᠥᠯ  ᠪᠠᠶᠢᠵᠤ᠂ ᠪᠤᠶ ᠪᠦᠬᠦᠢ ᠰᠢᠯᠭᠠᠭᠤᠯᠤᠭᠴᠢ ᠵᠠᠪᠠᠯ ᠰᠢᠯᠭᠠᠨ᠎ᠠ; ︽1︾ ᠪᠠ ︽2︾ ᠎ ᠨᠢ ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ  ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠪᠣᠯᠣᠨ᠎ᠠ᠂︽1︾ ᠎ ᠨᠢ ᠲᠡᠷᠢᠭᠦᠨ ᠰᠣᠩᠭᠤᠯᠲᠠ ᠶᠢᠨ ᠬᠢᠴᠢᠶᠡᠯ ᠲᠥᠷᠥᠯ ᠪᠠᠶᠢᠵᠤ᠂ ᠹᠢᠽᠢᠺ᠂ ᠲᠡᠦᠬᠡ ᠶᠢᠨ 2 ᠬᠢᠴᠢᠶᠡᠯ ᠲᠥᠷᠥᠯ ᠠᠴᠠ 1᠎ ᠶᠢ ᠨᠢ ᠰᠣᠩᠭᠤᠨ᠎ᠠ; ︽2︾ ᠎ ᠨᠢ ᠳᠠᠭᠢᠨ ᠰᠣᠩᠭᠤᠯᠲᠠ ᠶᠢᠨ ᠬᠢᠴᠢᠶᠡᠯ ᠳᠦᠷᠦᠯ ᠪᠣᠯᠣᠨ᠎ᠠ᠂ ᠦᠵᠡᠯ ᠰᠠᠨᠠᠭ᠎ᠠ ᠤᠯᠤᠰ  ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠠᠴᠠ 2᠎ ᠢ ᠨᠢ ᠰᠣᠩᠭᠤᠨ᠎ᠠ᠃ ᠭᠡᠯᠡ ᠪᠢᠴᠢᠭ ᠤᠨ ᠰᠢᠯᠭᠠᠯᠲᠠ ᠶᠢᠨ ᠴᠠᠭ᠋ ᠨᠢ 150 ᠮᠢᠨᠦ᠋ᠲ᠂ ᠲᠣᠭᠠᠨ ᠤ ᠤᠬᠠᠭᠠᠨ ᠪᠠ ᠭᠠᠳᠠᠭᠠᠳᠤ ᠬᠡᠯᠡᠨ ᠤ ᠰᠢᠯᠭᠠᠯᠲᠠ ᠶᠢᠨ ᠴᠠᠭ ᠨᠢ ᠳᠤᠰᠪᠤᠷᠢ 120 ᠮᠢᠨᠦ᠋ᠲ ᠪᠣᠯᠣᠨ᠎ᠠ᠃ ᠭᠠᠳᠠᠭᠠᠳᠤ ᠬᠡᠯᠡᠨ ᠤ  ᠰᠢᠯᠭᠠᠯᠲᠠ ᠳᠤ ᠰᠣᠨᠣᠰᠬᠤ ᠴᠢᠳᠠᠪᠤᠷᠢ ᠶᠢᠨ ᠰᠢᠯᠭᠠᠯᠲᠠ ᠪᠠ ᠪᠢᠷ ᠤᠨ ᠰᠢᠯᠭᠠᠯᠲᠠ ᠭᠡᠬᠦ ᠬᠤᠶᠠᠷ ᠬᠡᠰᠡᠭ ᠪᠠᠭᠲᠠᠵᠤ᠂ ᠤᠷᠢᠳ ᠢᠶᠠᠷ ᠪᠢᠷ ᠤᠨ ᠰᠢᠯᠭᠠᠯᠲᠠ ᠬᠢᠵᠦ᠂  ᠳᠠᠷᠠᠭ᠎ᠠ ᠨᠢ ᠰᠣᠨᠣᠰᠬᠤ ᠴᠢᠳᠠᠪᠤᠷᠢ ᠶᠢ ᠰᠢᠯᠭᠠᠨ᠎ᠠ᠃ ᠹᠢᠽᠢᠺ᠂ ᠲᠡᠦᠬᠡ᠂ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠤ  ᠲᠥᠷᠥᠯ ᠪᠦᠷᠢ ᠶᠢᠨ ᠰᠢᠯᠭᠠᠯᠲᠠ ᠶᠢᠨ ᠴᠠᠭ ᠨᠢ ᠴᠥᠮ 75 ᠮᠢᠨᠦ᠋ᠲ ᠪᠣᠯᠣᠨ᠎ᠠ᠃        ᠰᠢᠯᠭᠠᠭᠤᠯᠤᠭᠴᠢ ᠶᠢᠨ ᠵᠣᠬᠢᠴᠠᠬᠤ ᠴᠢᠨᠠᠷᠲᠠᠢ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠨᠢ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ  ᠵᠡᠷᠭᠡ 3 ᠲᠥᠷᠥᠯ ᠤᠨ  ᠬᠢᠴᠢᠶᠡᠯ ᠤᠨ ᠰᠢᠯᠭᠠᠯᠲᠠ ᠶᠢᠨ ᠬᠢᠷᠢ ᠪᠦᠲᠦᠮᠵᠢ ᠪᠠ ᠰᠣᠩᠭᠤᠯᠲᠠ ᠶᠢᠨ ᠴᠢᠨᠠᠷᠲᠠᠢ 3 ᠲᠥᠷᠥᠯ ᠤᠨ ᠬᠢᠴᠢᠶᠡᠯ ᠤᠨ ᠬᠢᠷᠢ ᠪᠦᠲᠦᠮᠵᠢ ᠪᠠᠷ  ᠪᠦᠷᠢᠯᠳᠦᠵᠦ᠂ ᠪᠦᠷᠢᠨ ᠬᠤᠪᠢ ᠨᠢ 750 ᠬᠤᠪᠢ ᠪᠣᠯᠣᠨ᠎ᠠ᠃ ᠡᠭᠦᠨ ᠳᠤ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ︵ᠪᠢᠷ ᠤᠨ ᠰᠢᠯᠭᠠᠯᠲᠠ᠂  ᠰᠣᠨᠣᠰᠬᠤ ᠴᠢᠳᠠᠪᠤᠷᠢ ᠪᠠᠭᠲᠠᠨ᠎ᠠ︶᠎ ᠶᠢᠨ ᠪᠦᠷᠢᠨ ᠬᠤᠪᠢ ᠨᠢ ᠲᠤᠰ ᠲᠤᠰ 150 ᠬᠤᠪᠢ᠂ ᠹᠢᠽᠢᠺ᠂ ᠲᠡᠦᠬᠡ ᠶᠢᠨ ᠪᠦᠷᠢᠨ ᠬᠤᠪᠢ ᠨᠢ ᠲᠤᠰ ᠲᠤᠰ 100 ᠬᠤᠪᠢ  ᠪᠠᠶᠢᠵᠤ᠂ ᠴᠥᠮ ᠰᠢᠯᠭᠠᠯᠲᠠ ᠶᠢᠨ ᠬᠤᠪᠢ ᠪᠠᠷ ᠰᠢᠯᠭᠠᠭᠤᠯᠤᠭᠴᠢ ᠶᠢᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ; ᠦᠵᠡᠯ ᠰᠠᠨᠠᠭ᠎ᠠ ᠤᠯᠤᠰ  ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠤ ᠪᠦᠷᠢᠨ ᠬᠤᠪᠢ ᠨᠢ ᠲᠤᠰ ᠲᠤᠰ 100 ᠬᠤᠪᠢ ᠪᠠᠶᠢᠵᠤ᠂  ᠣᠯᠣᠭᠰᠠᠨ ᠬᠤᠪᠢ ᠶᠢᠨ ᠳᠡᠰ ᠢᠶᠠᠷ ᠨᠢ ᠬᠤᠪᠢ ᠣᠯᠭᠤᠵᠤ ᠰᠢᠯᠭᠠᠭᠤᠯᠤᠭᠴᠢ ᠶᠢᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ ᠮᠣᠩᠭᠤᠯ ᠭᠡᠯᠡ ᠪᠢᠴᠢᠭ ᠤᠨ ᠰᠢᠯᠭᠠᠯᠲᠠ ᠶᠢᠨ ᠴᠠᠭ ᠨᠢ  120 ᠮᠢᠨᠦ᠋ᠲ᠂ ᠪᠦᠷᠢᠨ ᠬᠤᠪᠢ ᠨᠢ 100 ᠬᠤᠪᠢ ᠪᠣᠯᠣᠨ᠎ᠠ᠃        ᠰᠢᠯᠭᠠᠯᠲᠠ ᠶᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠠᠴᠢᠯᠠᠯᠳᠠ ᠶᠢᠨ ᠪᠠᠷᠢᠮᠵᠢᠶ᠎ᠠ ᠳᠤ ᠨᠡᠶᠢᠴᠡᠬᠦ ᠰᠢᠯᠭᠠᠯᠲᠠ ᠶᠢᠨ ᠲᠠᠯᠠᠪᠠᠶ ᠳᠤ  ᠲᠣᠬᠢᠷᠠᠭᠤᠯᠵᠤ᠂ ᠰᠢᠯᠭᠠᠯᠲᠠ ᠶᠢᠨ ᠠᠵᠢᠯ ᠢ ᠡᠯ᠎ᠡ ᠠᠶᠢᠮᠠᠭ ᠬᠤᠲᠠ᠂ ᠬᠤᠰᠢᠭᠤ ᠰᠢᠶᠠᠨ︵ᠬᠤᠲᠠ᠂ ᠲᠣᠭᠤᠷᠢᠭ︶᠎ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ  ᠰᠠᠯᠠᠭ᠎ᠠ ᠮᠥᠴᠢᠷ ᠪᠣᠯᠣᠨ ᠰᠤᠷᠤᠬᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠬᠠᠷᠢᠭᠤᠴᠠᠵᠤ᠂ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠨᠢᠭᠤᠴᠠ ᠶᠢ  ᠬᠠᠮᠠᠭᠠᠯᠠᠬᠤ᠂ ᠰᠢᠯᠭᠠᠯᠲᠠ ᠶᠢ ᠵᠣᠬᠢᠶᠠᠨ ᠪᠠᠶᠢᠭᠤᠯᠬᠤ᠂ ᠰᠢᠯᠭᠠᠯᠲᠠ ᠶᠢᠨ ᠶᠠᠪᠤᠳᠠᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ  ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠰᠢᠯᠭᠠᠯᠲᠠ ᠬᠢᠨᠠᠬᠤ ᠠᠵᠢᠯ ᠢ ᠵᠣᠬᠢᠶᠠᠨ ᠪᠠᠶᠢᠭᠤᠯᠬᠤ᠂ ᠬᠠᠮᠢᠶᠠᠷᠬᠤ᠂ ᠶᠠᠰᠤ  ᠴᠢᠨᠠᠷ ᠤᠨ ᠪᠠᠶᠢᠴᠠᠭᠠᠯᠲᠠ ᠬᠢᠬᠦ ᠵᠡᠷᠭᠡ ᠠᠵᠢᠯ ᠢ ᠬᠠᠷᠢᠭᠤᠴᠠᠨ᠎ᠠ᠃ ᠰᠢᠯᠭᠠᠭᠤᠯᠤᠭᠰᠠᠳ 2025 ᠣᠨ ᠤ 3 ᠰᠠᠷ᠎ᠠ ᠳᠤ ︽ᠥᠪᠥᠷ ᠮᠣᠩᠭᠤᠯ ᠤᠨ ᠰᠣᠷᠣᠬᠴᠢ ᠡᠯᠰᠡᠬᠦ  ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠠᠴᠠ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠣᠯᠣᠨ᠎ᠠ᠂ ᠪᠣᠳᠠᠲᠠᠢ ᠴᠠᠭ ᠢ ᠠᠰ ᠲᠤᠨᠢ ᠮᠡᠳᠡᠭᠳᠡᠨ᠎ᠡ᠃   
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ