ᠲᠦᠷᠦᠭᠦᠬᠡᠨ᠂ ᠭᠦᠭᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠭᠤᠷᠢᠨ ᠦᠵᠡᠬᠦ ᠠᠵᠢᠯᠯᠠᠭ᠎ᠠ ᠶᠠᠪᠤᠭᠳᠠᠪᠠ᠃ | ᠨᠢᠭᠡ ᠡᠳᠦᠷ ᠤᠨ ᠬᠤᠭᠤᠴᠠᠭᠠᠨ ᠳᠤ ᠠᠵᠢᠯᠯᠠᠭ᠎ᠠ ᠳᠤ ᠣᠷᠣᠯᠴᠠᠭᠰᠠᠳ ᠤᠷᠢᠳ ᠬᠤᠵᠢᠳ ᠰᠦ᠋ ᠬᠤ᠋ ᠵᠡᠭᠡᠯᠢ ᠶᠢᠨ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠬᠤᠷᠴᠢᠨ ᠰᠤᠷᠭᠠᠭᠤᠯᠢ ᠶᠢᠨ ᠲᠣᠭᠤᠷᠢᠭ᠂ ᠬᠤᠷᠢᠨᠭᠡᠷ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ᠂ ᠬᠤᠷᠢᠨᠭᠡᠷ ᠰᠢᠶᠠᠨ ᠤ ᠲᠠᠪᠤᠳᠤᠭᠠᠷ | ᠪᠠᠭ᠎ᠠ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠭᠦᠭᠡᠬᠤᠲᠠ ᠶᠢᠨ ᠰᠠᠶᠢᠬᠠᠨ ᠲᠣᠭᠤᠷᠢᠭ ᠤᠨ ᠲᠤᠷᠰᠢᠯᠲᠠ ᠶᠢᠨ ᠰᠤᠷᠭᠠᠭᠤᠯᠢ᠂ ᠸᠠᠨ ᠶᠢᠨ | ᠰᠤᠷᠭᠠᠭᠤᠯᠢ᠂ ᠭᠦᠭᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠢᠨ ᠴᠤᠸᠠᠨ ᠰᠤᠷᠭᠠᠭᠤᠯᠢ ᠶᠢᠨ ᠲᠣᠭᠤᠷᠢᠭ ᠵᠡᠷᠭᠡ 6 ᠰᠤᠷᠭᠠᠭᠤᠯᠢ ᠪᠠᠷ ᠲᠣᠭᠤᠷᠢᠨ | ᠦᠵᠡᠪᠡ᠃ ᠡᠳᠡᠭᠡᠷ ᠨᠢ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠱᠠᠲᠤ ᠶᠢ ᠬᠠᠮᠤᠷᠴᠤ᠂ ᠠᠯᠪᠠᠨ ᠠᠴᠠ ᠡᠷᠭᠢᠯᠡᠭᠰᠡᠨ ᠰᠤᠷᠭᠠᠭᠤᠯᠢ᠂ ᠠᠷᠠᠳ ᠠᠴᠠ ᠡᠷᠭᠢᠯᠡᠭᠰᠡᠨ ᠰᠤᠷᠭᠠᠭᠤᠯᠢ ᠵᠢᠴᠢ ᠣᠯᠠᠨ | ᠵᠦᠢᠯ ᠤᠨ ᠰᠤᠷᠭᠠᠭᠤᠯᠢ ᠡᠷᠭᠢᠯᠡᠭᠦ ᠵᠠᠭᠪᠤᠷ ᠢ ᠪᠠᠭᠲᠠᠭᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ ᠵᠢᠭᠠᠨ ᠰᠤᠷᠭᠠᠯᠲᠠ ᠶᠢᠨ ᠲᠤᠨᠤᠭ | ᠲᠥᠬᠦᠭᠡᠷᠦᠮᠵᠢ ᠠᠴᠠ ᠪᠠᠭᠰᠢ ᠶᠢᠨ ᠪᠦᠯᠭᠦᠮ᠂ ᠰᠤᠷᠭᠠᠭᠤᠯᠢ ᠡᠷᠭᠢᠯᠡᠭᠦ ᠣᠶᠢᠯᠠᠭᠠᠭᠳᠠᠬᠤᠨ ᠪᠠ ᠰᠤᠷᠭᠠᠭᠤᠯᠢ ᠶᠢᠨ ᠬᠦᠷᠢᠶᠡᠨ ᠤ ᠰᠣᠶᠣᠯ ᠭᠦᠷᠲᠡᠯ᠎ᠡ ᠡᠯ᠎ᠡ | ᠰᠤᠷᠭᠠᠭᠤᠯᠢ ᠶᠢᠨ ᠬᠢᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠦᠵᠡᠯ ᠰᠠᠨᠠᠭᠠᠨ ᠤ ᠵᠢᠯᠣᠭᠤᠳᠤᠯᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ | ᠲᠠᠯ᠎ᠠ ᠶᠢᠨ ᠣᠨᠴᠠᠯᠢᠭ ᠪᠠ ᠭᠢᠯᠠᠰ ᠴᠡᠭ ᠢ ᠨᠠᠷᠢᠨ ᠣᠶᠢᠯᠠᠭᠠᠪᠠ᠃ | ᠭᠦᠭᠡᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠬᠤᠶᠢᠰᠢᠳᠠ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠲᠦᠭᠡᠮᠡᠯ ᠬᠠᠷᠠᠭᠠᠯᠵᠠᠯ ᠤᠨ ᠴᠢᠨᠠᠷ ᠲᠠᠢ᠂ ᠠᠮᠤᠷ ᠲᠦᠪᠰᠢᠨ ᠢᠶᠠᠷ ᠬᠥᠭᠵᠢᠬᠦ ᠶᠢ ᠠᠬᠢᠭᠤᠯᠤᠨ᠎ᠠ᠃ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠵᠦ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠦᠷᠪᠡᠨ ᠨᠢᠭᠡ︾ | ᠶᠢᠨ ᠢᠨᠵᠧᠨᠧᠷᠢᠩ ᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ | ᠥᠨᠳᠥᠷ ᠳᠤᠮᠳᠠᠳᠤ ᠳᠤ ᠰᠤᠷᠤᠬᠴᠢ ᠡᠯᠰᠡᠬᠦ ᠪᠠ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠬᠥᠮᠥᠨ ᠬᠥᠮᠥᠵᠢᠭᠦᠯᠬᠦ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ | ᠣᠯᠠᠨ ᠶᠠᠩᠵᠤ ᠶᠢᠨ ᠥᠪᠡᠷᠮᠢᠴᠡ ᠣᠨᠴᠠᠯᠢᠭ ᠲᠠᠢ ᠬᠥᠭᠵᠢᠯᠲᠡ ᠶᠢ ᠠᠬᠢᠭᠤᠯᠤᠨ᠎ᠠ᠃ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠭᠦᠭᠡᠬᠤᠲᠠ ᠶᠢᠨ ᠰᠤᠷᠭᠠᠨ ᠬᠥᠮᠦᠵᠢᠯ ᠤᠨ ᠠᠵᠢᠯᠲᠠᠨ ᠤ ᠬᠦᠴᠦᠨ ᠴᠢᠳᠠᠯ ᠢ ᠨᠡᠮᠡᠷᠢᠯᠡᠨ᠎ᠡ᠃ | | | | |