ᠰᠤᠷᠭᠠᠭᠤᠯᠢ ᠠᠵᠤ ᠠᠬᠤᠶᠢᠯᠠᠯ ᠬᠠᠮᠲᠤᠷᠠᠨ ᠥᠪᠥᠷ ᠮᠣᠩᠭᠤᠯ ᠤᠨ ᠣᠨᠴᠠᠯᠢᠭᠲᠤ ᠢᠳᠡᠭᠡᠨ ᠤ ᠲᠦᠷᠦᠯ ᠲᠡᠮᠳᠡᠭ ᠢ ᠡᠭᠦᠳᠦᠨ᠎ᠡ
ᠨᠡᠶᠢᠲᠡᠯᠡᠭᠰᠡᠨ ᠴᠠᠭ᠄
2024/12/16
       ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠠᠷ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ  ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠢᠳᠡᠭᠡᠨ ᠤᠮᠳᠠᠭᠠᠨ ᠤ ᠰᠠᠯᠪᠤᠷᠢ ᠶᠢᠨ ᠰᠢᠨ᠎ᠡ ᠪᠠᠷ ᠨᠡᠭᠡᠭᠡᠭᠰᠡᠨ ᠣᠳᠣᠬᠢᠴᠢᠯᠠᠭᠰᠠᠨ ᠢᠳᠡᠭᠡᠨ ᠤᠮᠳᠠᠭᠠᠨ ᠤ  ᠬᠠᠮᠢᠶᠠᠷᠤᠯᠲᠠ ᠶᠢᠨ ᠲᠤᠰᠬᠠᠢ ᠮᠡᠷᠭᠡᠵᠢᠯ᠂  ᠢᠳᠡᠭᠡᠨ ᠤᠮᠳᠠᠭᠠᠨ ᠡᠳ᠋ᠰᠢᠭᠦᠯᠦᠨ ᠪᠤᠯᠪᠠᠰᠤᠷᠠᠭᠤᠯᠬᠤ ᠣᠶᠤᠨᠲᠤ ᠮᠡᠷᠭᠡᠵᠢᠯ ᠳᠤ 50 ᠰᠢᠬᠠᠮ ᠰᠢᠨ᠎ᠡ ᠣᠶᠤᠲᠠᠨ  ᠡᠯᠰᠡᠭᠰᠡᠨ ᠶᠤᠮ᠃ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠦᠷ᠎ᠡ  ᠪᠦᠲᠦᠭᠡᠯ ᠤᠨ ᠨᠢᠭᠡ ᠪᠣᠯᠤᠭᠰᠠᠨ ᠡᠨᠡ ᠬᠦ ᠰᠢᠨ᠎ᠡ ᠲᠤᠰᠬᠠᠢ ᠮᠡᠷᠭᠡᠵᠢᠯ ᠨᠡᠭᠡᠭᠡᠭᠳᠡᠮᠡᠭᠴᠡ ᠪᠠᠨ ᠬᠥᠮᠥᠰ ᠤᠨ ᠠᠩᠬᠠᠷᠤᠯ ᠳᠤ ᠭᠦᠷᠦᠭᠰᠡᠨ ᠶᠤᠮ᠃          ᠲᠦᠷᠦᠭᠦᠬᠡᠨ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ  ᠬᠠᠮᠲᠤ ᠶᠢᠨ ᠴᠣᠭᠴᠠ ᠶᠢᠨ 2024 ᠣᠨ ᠤ ᠠᠵᠢᠯ ᠤᠨ ᠬᠤᠷᠠᠯ ᠳᠡᠭᠡᠷ᠎ᠡ  ᠣᠷᠣᠨ ᠤ ᠳᠣᠲᠣᠨ᠎ᠠ ᠭᠠᠳᠠᠨᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠠᠮᠢᠶ᠎ᠠ  ᠪᠦᠬᠦᠢ ᠠᠵᠤ ᠠᠬᠤᠶᠢᠯᠠᠯ ᠵᠡᠷᠭᠡ  ᠪᠦᠷᠢᠯᠳᠦᠭᠦᠨ ᠨᠢᠭᠡᠴᠢ ᠨᠦᠭᠦᠳ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ  ᠠᠭᠤᠰᠤᠯᠴᠠᠭᠤᠯᠤᠭᠰᠠᠨ ᠦᠷ᠎ᠡ ᠪᠦᠲᠦᠭᠡᠯ ᠵᠢᠴᠢ ᠲᠤᠷᠰᠢᠯᠭ᠎ᠠ ᠪᠠᠨ ᠬᠤᠪᠢᠶᠠᠯᠴᠠᠵᠤ᠂ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ  ᠬᠥᠭᠵᠢᠯᠲᠡ ᠶᠢᠨ ᠰᠢᠨ᠎ᠡ ᠶᠢ ᠡᠭᠦᠳᠬᠦ ᠠᠷᠭ᠎ᠠ ᠵᠠᠮ ᠢ ᠬᠠᠶᠢᠨ ᠰᠦᠪᠡᠭᠴᠢᠯᠡᠵᠦ ᠪᠢᠯᠡ᠃        ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ  ᠴᠣᠭᠴᠠ ᠶᠢ 2023 ᠣᠨ ᠤ 12 ᠰᠠᠷ᠎ᠠ ᠳᠤ ᠪᠠᠶᠢᠭᠤᠯᠪᠠ᠃ ᠥᠪᠥᠷ ᠮᠣᠩᠭᠤᠯ ᠤᠨ ᠵᠧᠩ ᠳ᠋ᠡ ᠬᠤᠩ ᠶᠧ ᠢᠳᠡᠭᠡᠨ ᠤ ᠬᠢᠵᠠᠭᠠᠷᠲᠤ ᠺᠤᠮᠫᠠᠨᠢ ᠪᠠᠷ  ᠲᠦᠷᠦᠭᠦᠯᠡᠭᠦᠯᠦᠨ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ  ᠠᠵᠤ ᠠᠬᠤᠢ ᠶᠢᠨ ᠶᠡᠭᠡ ᠰᠤᠷᠭᠠᠭᠤᠯᠢ ᠬᠠᠮᠲᠤᠷᠠᠨ ᠪᠠᠶᠢᠭᠤᠯᠵᠠᠢ᠃ ᠡᠨᠡ ᠨᠢ ᠥᠪᠥᠷ ᠮᠣᠩᠭᠤᠯ ᠤᠨ ᠲᠦᠷᠦᠭᠦᠦ ᠪᠦᠯᠦᠭ ᠤᠨ ᠠᠵᠢᠯ ᠲᠦᠷᠦᠯ ᠦᠢᠯᠡᠳᠪᠦᠷᠢᠯᠡᠯ  ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠪᠣᠯᠣᠨ᠎ᠠ᠃ ᠡᠨᠡᠬᠦ ᠬᠠᠮᠲᠤ ᠶᠢᠨ ᠴᠣᠭᠴᠠ ᠨᠢ ᠤᠯᠤᠰ ᠤᠨ ᠴᠢᠬᠤᠯᠠ ᠮᠠᠯ ᠤᠨ ᠠᠰᠢᠭ  ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠳᠡᠭᠡᠳᠦ ᠮᠡᠷᠭᠡᠵᠢᠯ ᠤᠨ  ᠴᠢᠳᠠᠪᠤᠷᠢᠲᠠᠨ ᠢᠶᠠᠷ ᠬᠥᠲᠥᠯᠥᠮᠵᠢ ᠪᠣᠯᠭᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠬᠢᠭᠡᠳ ᠢᠳᠡᠭᠡᠨ  ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ ᠢ ᠨᠠᠷᠢᠯᠢᠭ ᠣᠨᠣᠴᠠᠲᠠᠢ ᠵᠣᠯᠭᠠᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ ᠢ  ᠭᠦᠨᠵᠡᠭᠡᠢ  ᠠᠭᠤᠰᠤᠯᠴᠠᠭᠤᠯᠤᠨ᠂ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠪᠠ ᠬᠡᠷᠡᠭᠯᠡᠭᠡᠨ ᠤ ᠲᠠᠪᠴᠠᠩ ᠢ ᠬᠠᠮᠲᠤ ᠪᠠᠷ ᠪᠠᠶᠢᠭᠤᠯᠵᠤ  ᠬᠠᠮᠲᠤ ᠪᠠᠷ ᠡᠳ᠋ᠯᠡᠬᠦ ᠪᠣᠯᠣᠨ᠎ᠠ᠃        ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠭᠦᠭᠡᠬᠤᠲᠠ ᠶᠢᠨ ᠲᠠᠪᠤᠨ ᠰᠤᠪᠤᠷᠭᠠᠲᠤ ᠰᠦᠮ᠎ᠡ ᠶᠢᠨ ᠠᠷᠤ ᠵᠡᠭᠡᠯᠢ ᠶᠢᠨ ︽ᠮᠠᠢ ᠪᠠᠩ ᠵᠦ︾ ᠪᠠᠶᠠᠳᠠᠨ  ᠣᠶᠢᠯᠠᠭᠠᠬᠤ ᠳᠡᠯᠭᠡᠭᠦᠷ ᠤᠨ ᠪᠣᠷᠤᠯᠠᠭᠤᠯᠭ᠎ᠠ ᠲᠤᠩ ᠬᠥᠭᠵᠢᠶᠡᠨᠲᠡᠢ᠃ ᠡᠨᠡᠬᠦ  80 ᠲᠡᠭᠰᠢ ᠳᠥᠷᠪᠡᠯᠵᠢᠨ ᠮᠧᠲᠷ ᠪᠦᠬᠦᠢ ᠳᠡᠯᠭᠡᠭᠦᠷ ᠲᠤ ᠭᠤᠣᠯᠳᠠᠭᠤ ᠱᠣᠣᠮᠠᠢ ᠵᠡᠷᠭᠡ  ᠥᠪᠥᠷ ᠮᠣᠩᠭᠤᠯ ᠤᠨ ᠣᠨᠴᠠᠯᠢᠭ ᠲᠠᠢ ᠭᠤᠯᠢᠷ ᠬᠤᠭᠤᠯᠠ ᠡᠵᠡᠩᠨᠡᠬᠦ ᠶᠢᠨ ᠬᠠᠮᠲᠤ ᠪᠠᠰᠠ ᠬᠤᠮᠠ ᠶᠢᠨ ᠲᠣᠰᠣ᠂ ᠱᠣᠣᠮᠠᠢ ᠶᠢᠨ ᠬᠠᠯᠢᠰᠤ᠂ ᠬᠡᠪ ᠤᠨ ᠴᠠᠢ ᠵᠡᠷᠭᠡ  ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ᠂ ᠡᠳᠦᠷ ᠪᠦᠷᠢ ᠶᠢᠨ ᠪᠣᠷᠤᠯᠠᠭᠤᠯᠭ᠎ᠠ ᠶᠢᠨ ᠬᠡᠮᠵᠢᠶ᠎ᠡ ᠨᠢ ᠲᠠᠪᠤ ᠵᠢᠷᠭᠤᠭᠠᠨ ᠮᠢᠩᠭᠠᠨ ᠲᠥᠭᠦᠷᠢᠭ ᠲᠤ ᠬᠦᠷᠴᠦ ᠪᠤᠢ᠃ ︽ᠮᠠᠢ  ᠪᠠᠩ ᠵᠦ︾ᠪᠠᠶᠠᠳᠠᠨ ᠣᠶᠢᠯᠠᠭᠠᠬᠤ ᠳᠡᠯᠭᠡᠭᠦᠷ ᠪᠣᠯ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠭᠰᠠᠨ ᠠᠮᠢᠳᠤᠯᠢᠭ  ᠦᠢᠯᠡᠳᠦᠯᠭᠡ ᠪᠣᠯᠣᠨ᠎ᠠ᠃ ᠡᠨᠡ ᠬᠦ ᠳᠡᠯᠭᠡᠭᠦᠷ ᠢ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠥᠪᠥᠷ  ᠮᠣᠩᠭᠤᠯ ᠤᠨ ᠢ ᠲᠠᠢ ᠲᠠᠯ᠎ᠠ ᠨᠤᠲᠤᠭ ᠤᠨ ᠠᠵᠢᠨᠠᠢ ᠭᠦᠯᠦᠭ ᠢᠳᠡᠭᠡᠨ ᠤ ᠬᠢᠵᠠᠭᠠᠷᠲᠤ ᠺᠤᠮᠫᠠᠨᠢ ᠠᠴᠠ ᠬᠠᠮᠲᠤᠷᠠᠨ ᠪᠠᠶᠢᠭᠤᠯᠤᠭᠰᠠᠨ ᠣᠶᠤᠲᠠᠳ ᠤᠨ ᠦᠢᠯᠡᠰ  ᠪᠣᠰᠬᠠᠬᠤ ᠲᠦᠷᠦᠯ ᠵᠦᠢᠯ ᠪᠠᠶᠢᠵᠤ᠂ ᠣᠳᠣᠬᠠᠨ ᠳᠤ ᠶᠠᠭ ᠲᠤᠷᠰᠢᠯᠲᠠ ᠶᠢᠨ ᠱᠠᠲᠤᠨ ᠳᠠᠭᠠᠨ ᠪᠠᠶᠢᠭ᠎ᠠ ᠶᠤᠮ᠃ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ  ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠨᠢ ᠪᠠᠰᠠ ᠭᠦᠭᠡᠬᠤᠲᠠ ᠶᠢᠨ ᠰᠢᠨ ᠳ᠋ᠦᠩ ᠹᠠᠩ ᠳᠡᠭᠡᠳᠦ  ᠵᠡᠷᠭᠡ ᠶᠢᠨ ᠮᠡᠷᠭᠡᠵᠢᠯ ᠤᠨ ᠰᠤᠷᠭᠠᠭᠤᠯᠢ ᠶᠢᠨ ︽ᠨᠡᠶᠢᠭᠡᠮ ᠪᠣᠯᠣᠨ ᠠᠵᠢᠯ ᠲᠦᠷᠦᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ︾ ᠪᠠᠶᠢᠭᠤᠯᠬᠤ ᠶᠢ  ᠵᠢᠯᠤᠭᠤᠳᠴᠤ᠂ ᠢᠳᠡᠭᠡᠨ ᠤᠮᠳᠠᠭᠠᠨ ᠤ  ᠠᠵᠢᠯ ᠮᠡᠷᠭᠡᠵᠢᠯ ᠤᠨ ᠪᠣᠯᠪᠠᠰᠤᠷᠠᠯ ᠥᠷᠨᠢᠭᠦᠯᠦᠭᠰᠡᠨ ᠪᠥᠭᠡᠳ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠋ ᠢ ᠲᠠᠨᠢᠯᠴᠠᠭᠤᠯᠬᠤ ᠠᠵᠢᠯᠯᠠᠬᠤ ᠦᠷᠦᠭᠡ︾ ᠪᠠᠶᠢᠭᠤᠯᠵᠤ᠂ ᠪᠦᠭᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ  ᠮᠡᠷᠭᠡᠵᠢᠯ ᠢ  ᠳᠡᠯᠭᠡᠷᠡᠭᠦᠯᠬᠦ ᠦᠢᠯᠡᠴᠢᠯᠡᠭᠡ ᠥᠷᠨᠢᠭᠦᠯᠵᠦ ᠪᠤᠢ᠃        ᠬᠠᠮᠲᠤᠷᠠᠨ ᠴᠢᠳᠠᠪᠤᠷᠢᠲᠠᠨ ᠬᠥᠮᠥᠵᠢᠭᠦᠯᠬᠦ ᠪᠣᠯ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ  ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠴᠢᠬᠤᠯᠠ ᠠᠴᠠ ᠴᠢᠬᠤᠯᠠ  ᠠᠵᠢᠯ ᠪᠣᠯᠣᠨ᠎ᠠ᠃ ᠥᠪᠥᠷ ᠮᠣᠩᠭᠤᠯ ᠤᠨ ᠠᠷᠠᠯᠵᠢᠶ᠎ᠠ  ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ︽ᠠᠵᠢᠯ ᠲᠦᠷᠦᠯ ᠤᠨ ᠲᠥᠯᠦᠪᠵᠢᠭᠦᠯᠭᠡ ᠶᠢᠨ︿ᠠᠯᠲᠠᠨ ᠫᠠᠰᠫᠣᠷᠲ﹀ᠢᠨᠵᠧᠨᠧᠷᠢᠩ︾᠎ ᠤᠨ ᠳᠤᠮᠳᠠ  ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠵᠢᠴᠢ ᠠᠵᠤ ᠠᠬᠤᠶᠢᠯᠠᠯ ᠢ  ᠨᠡᠪᠲᠡᠷᠡᠯᠴᠡᠭᠦᠯᠦᠨ ᠴᠢᠳᠠᠪᠤᠷᠢᠲᠠᠨ ᠬᠥᠮᠥᠵᠢᠭᠦᠯᠬᠦ ᠲᠥᠷᠥᠯ ᠵᠦᠢᠯ ᠨᠢ ᠭᠦᠭᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠰᠤᠷᠭᠠᠭᠤᠯᠢ᠂  ᠪᠤᠭᠤᠲᠤ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠤᠷᠭᠠᠭᠤᠯᠢ᠂ ᠤᠯᠠᠭᠠᠨᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠵᠡᠷᠭᠡ ᠶᠡᠭᠡ  ᠳᠡᠭᠡᠳᠦ ᠰᠤᠷᠭᠠᠭᠤᠯᠢ ᠶᠢᠨ ᠰᠤᠷᠤᠬᠴᠢᠳ ᠲᠤ 3400 ︽ᠠᠯᠲᠠᠨ ᠫᠠᠰᠫᠣᠷᠲ︾ ᠣᠯᠭᠤᠪᠠ᠃ ᠲᠠᠨᠢᠯᠴᠠᠭᠤᠯᠤᠭᠰᠠᠨ ᠢᠶᠠᠷ᠂ ︽ᠠᠯᠲᠠᠨ ᠫᠠᠰᠫᠣᠷᠲ︾ ᠪᠣᠯ  ᠰᠣᠷᠣᠬᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠭᠡᠷᠡᠴᠢᠯᠡᠯ ᠮᠥᠨ᠂ ᠮᠥᠨ ᠴᠦ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠬᠴᠢ ᠶᠢ ᠬᠠᠪᠰᠤᠷᠤᠨ ᠠᠵᠢᠯ  ᠮᠡᠷᠭᠡᠵᠢᠯ ᠤᠨ ᠠᠮᠢᠳᠤᠷᠠᠯ ᠢ ᠨᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠡᠷᠡᠭᠯᠡᠭᠡᠨ᠋ ᠤ ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠵᠢᠴᠢ ᠠᠵᠤ ᠠᠬᠤᠶᠢᠯᠠᠯ ᠢ ᠨᠡᠪᠲᠡᠷᠡᠯᠴᠡᠭᠦᠯᠦᠨ ᠴᠢᠳᠠᠪᠤᠷᠢᠲᠠᠨ ᠬᠥᠮᠥᠵᠢᠭᠦᠯᠬᠦ ᠶᠢ ᠠᠬᠢᠭᠤᠯᠬᠤ ᠪᠣᠯᠣᠨ᠎ᠠ᠃ ᠬᠠᠮᠲᠤ ᠶᠢᠨ ᠴᠣᠭᠴᠠ ᠶᠢᠨ ᠳᠣᠲᠣᠷᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂  ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢ ᠬᠠᠷᠢᠯᠴᠠᠨ ᠰᠣᠩᠭᠤᠵᠤ ᠬᠠᠷᠢᠯᠴᠠᠨ ᠤᠷᠢᠵᠤ᠂ ᠠᠵᠤ ᠠᠬᠤᠶᠢᠯᠠᠯ ᠤᠨ ᠵᠢᠯᠣᠭᠤᠳᠤᠭᠴᠢ ᠪᠠᠭᠰᠢ᠂  ᠠᠵᠤ ᠦᠢᠯᠡᠰ ᠤᠨ ᠵᠢᠯᠣᠭᠤᠳᠤᠭᠴᠢ ᠪᠠᠭᠰᠢ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠣᠷᠣᠯᠴᠠᠭᠤᠯᠵᠤ᠂ ᠳᠤᠮᠳᠠ ᠳᠡᠭᠡᠳᠦ ᠵᠡᠷᠭᠡ ᠶᠢᠨ ᠠᠵᠢᠯ  ᠮᠡᠷᠭᠡᠵᠢᠯ ᠤᠨ  ᠰᠤᠷᠭᠠᠭᠤᠯᠢ ᠪᠠ ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠵᠢᠴᠢ ᠠᠵᠤ ᠠᠬᠤᠶᠢᠯᠠᠯ ᠤᠨ ᠬᠠᠮᠲᠤᠷᠠᠨ ᠬᠥᠮᠥᠨ  ᠬᠥᠮᠥᠵᠢᠭᠦᠯᠬᠦ ᠲᠥᠰᠥᠯ ᠢ ᠲᠣᠭᠲᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠪᠠᠭᠰᠢ ᠬᠠᠮᠲᠤ ᠶᠢᠨ ᠴᠣᠭᠴᠠ ᠶᠢᠨ ᠪᠦᠷᠢᠯᠳᠦᠭᠦᠨ ᠠᠵᠤ  ᠠᠬᠤᠶᠢᠯᠠᠯ ᠳᠤ ᠰᠢᠯᠵᠢᠨ ᠰᠤᠷᠤᠯᠴᠠᠵᠤ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ ᠶᠢᠨ  ᠶᠡᠭᠡ ᠰᠤᠷᠭᠠᠭᠤᠯᠢ ᠵᠢᠴᠢ ᠠᠵᠤ ᠠᠬᠤᠶᠢᠯᠠᠯ ᠤᠨ ᠬᠤᠯᠪᠣᠯᠳᠤᠨ ᠨᠡᠪᠲᠡᠷᠡᠯᠴᠡᠵᠦ ᠬᠥᠮᠥᠨ ᠬᠥᠮᠥᠵᠢᠭᠦᠯᠬᠦ ᠵᠠᠭᠪᠤᠷ ᠢ ᠪᠦᠷᠢᠯᠳᠦᠭᠦᠯᠦᠭᠰᠡᠨ ᠪᠠᠶᠢᠨ᠎ᠠ᠃        ᠣᠳᠣᠬᠠᠨ ᠳᠤ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠠᠵᠤ ᠠᠬᠤᠶᠢᠯᠠᠯ ᠲᠠᠢ ᠬᠠᠮᠲᠤᠷᠠᠨ  ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠦᠯᠭᠦᠮ  ᠪᠠᠶᠢᠭᠤᠯᠵᠤ᠂  ᠬᠤᠨᠢᠨ ᠮᠢᠬᠠᠨ ᠤ   ᠵᠠᠭᠤᠰᠢ ᠶᠢ ᠡᠳ᠋ᠰᠢᠭᠦᠯᠦᠨ ᠪᠤᠯᠪᠠᠰᠤᠷᠠᠭᠤᠯᠬᠤ ᠰᠢᠨᠵᠢᠯᠡᠬᠦ  ᠤᠬᠠᠭᠠᠨ ᠤ ᠰᠤᠳᠤᠯᠭᠠᠨ ᠤ ᠲᠥᠷᠥᠯ ᠵᠦᠢᠯ ᠢ 1 ᠪᠡᠶᠡᠯᠡᠭᠦᠯᠵᠦ᠂ ︽ᠲᠦᠷᠭᠡᠨ ᠬᠥᠯᠳᠡᠭᠡᠬᠦ ᠪᠤᠷᠢᠶᠠᠳ ᠪᠤᠤᠰᠠ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ︾᠎ ᠢ  ᠡᠬᠢᠯᠡᠨ ᠰᠤᠳᠤᠯᠵᠤ᠂ ᠬᠤᠨᠢ ᠢᠮᠠᠭᠠᠨ ᠤ ᠭᠡᠳᠡᠰᠦ ᠳᠣᠲᠣᠷ ᠤᠨ ᠵᠠᠭᠤᠰᠢ ᠦᠢᠯᠡᠳᠬᠦ ᠤᠷ᠎ᠠ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ  ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢᠶᠠᠷ ᠭᠤᠶᠤᠴᠢᠯᠠᠨ ᠮᠡᠳᠡᠭᠦᠯᠬᠦ ᠵᠡᠷᠭᠡ ᠶᠢ ᠡᠬᠢᠯᠡᠭᠦᠯᠵᠦ᠂ ᠰᠤᠷᠭᠠᠭᠤᠯᠢ ᠠᠵᠤ ᠠᠬᠤᠶᠢᠯᠠᠯ  ᠬᠤᠯᠪᠤᠭᠠᠯᠠᠨ ᠢᠳᠡᠭᠡᠨ ᠤᠮᠳᠠᠭᠠᠨ ᠤ ᠵᠦᠢᠯ ᠳᠤ ᠮᠡᠷᠭᠡᠵᠢᠯ ᠤᠨ ᠥᠭᠡᠷᠡᠴᠢᠯᠡᠯᠲᠡ ᠬᠢᠵᠦ  ᠪᠦᠲᠦᠭᠡᠭᠳᠡᠬᠦᠨ ᠢ ᠲᠠᠰ ᠳᠡᠪᠰᠢᠭᠦᠯᠵᠦ ᠪᠤᠢ᠃        ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠳᠪᠦᠷᠢᠯᠡᠯ  ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ  ᠴᠣᠭᠴᠠ ᠪᠠᠶᠢᠭᠤᠯᠤᠭᠳᠠᠭᠰᠠᠨ ᠠᠴᠠ ᠨᠠᠭᠠᠰᠢ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠳᠠᠰ ᠤᠨ  ᠪᠤᠰᠤ ᠰᠣᠶᠣᠯ ᠤᠨ ᠥᠪ ᠢ ᠤᠯᠠᠷᠢᠭᠤᠯᠬᠤ᠂ ᠨᠡᠶᠢᠭᠡᠮ ᠤᠨ ᠪᠣᠯᠪᠠᠰᠤᠷᠠᠯ ᠵᠡᠷᠭᠡ ᠣᠯᠠᠨ ᠵᠦᠢᠯ ᠤᠨ ᠠᠵᠢᠯ ᠢ ᠥᠷᠨᠢᠭᠦᠯᠵᠦ᠂ ᠵᠧᠩ ᠳ᠋ᠡ ᠬᠤᠩ ᠶᠧ ᠢᠳᠡᠭᠡᠨ ᠤ  ᠬᠢᠵᠠᠭᠠᠷᠲᠤ ᠺᠤᠮᠫᠠᠨᠢ᠂ ᠲᠠᠯ᠎ᠠ ᠨᠤᠲᠤᠭ ᠤᠨ ᠬᠤᠩ ᠲᠠᠢ ᠶᠠᠩ ᠬᠤᠪᠢᠴᠠᠭᠠᠳᠤ ᠬᠢᠵᠠᠭᠠᠷᠲᠤ ᠺᠤᠮᠫᠠᠨᠢ ᠵᠡᠷᠭᠡ ᠲᠠᠢ ᠬᠠᠮᠲᠤᠷᠠᠨ ᠮᠠᠰᠢ ᠣᠯᠠᠨ ᠲᠤᠷᠰᠢᠯᠲᠠ ᠶᠢᠨ  ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠬᠤᠭᠤᠯᠠ ᠬᠢᠬᠦ ᠲᠤᠰᠬᠠᠢ ᠮᠡᠷᠭᠡᠵᠢᠯ᠂ ᠢᠳᠡᠭᠡᠨ ᠤ ᠲᠤᠰᠬᠠᠢ ᠮᠡᠷᠭᠡᠵᠢᠯ ᠤᠨ ᠤᠷᠠᠨ ᠳᠠᠷᠬᠠᠨ ᠤ ᠠᠩᠭᠢ ᠡᠷᠭᠢᠯᠡᠵᠦ᠂  ᠠᠵᠢᠯ ᠲᠥᠷᠥᠯ ᠤᠨ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠬᠠᠩᠭᠠᠵᠤ ᠪᠤᠢ᠃       ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠤᠯ  ᠹᠠᠨ ᠸᠧᠨ ᠪᠢᠨ᠄ ︽ᠪᠢᠳᠡ ᠮᠡᠷᠭᠡᠵᠢᠯ ᠤᠨ ᠰᠢᠨ᠎ᠡ ᠶᠢ ᠡᠭᠦᠳᠬᠦ᠂ ᠤᠷᠠᠨ ᠲᠠᠷᠬᠠᠨ ᠤ ᠭᠡᠯᠪᠡᠷᠢ ᠶᠢᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ  ᠪᠦᠯᠭᠦᠮ ᠢ ᠪᠠᠶᠢᠭᠤᠯᠬᠤ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠭᠡᠳᠬᠡᠬᠦ ᠵᠡᠷᠭᠡ ᠲᠠᠯ᠎ᠠ ᠶᠢᠨ ᠠᠵᠢᠯ ᠢ ᠴᠢᠷᠮᠠᠶᠢᠨ ᠬᠢᠵᠦ᠂  ᠥᠪᠥᠷ ᠮᠣᠩᠭᠤᠯ ᠤᠨ ᠢᠳᠡᠭᠡᠨ ᠤᠮᠳᠠᠭᠠᠨ ᠤ ᠠᠵᠢᠯ ᠲᠦᠷᠦᠯ ᠤᠨ ᠥᠪᠡᠷᠮᠢᠴᠡ ᠣᠨᠴᠠᠯᠢᠭᠲᠤ ᠲᠦᠷᠦᠯ ᠲᠡᠮᠳᠡᠭ ᠢ ᠡᠭᠦᠳᠬᠦ ᠶᠢ ᠠᠬᠢᠭᠤᠯᠵᠤ᠂ ᠥᠪᠥᠷ  ᠮᠣᠩᠭᠤᠯ ᠤᠨ ᠦᠨᠦᠷ ᠠᠮᠲᠠ ᠶᠢ ᠲᠦᠭ ᠲᠦᠮᠡᠨ ᠡᠷᠦᠭᠡ ᠳᠤ  ᠮᠡᠳᠡᠭᠦᠯᠦᠨ᠎ᠡ︾ ᠭᠡᠵᠦ ᠶᠠᠷᠢᠯ᠎ᠠ᠃        ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠨᠢ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ  ᠬᠥᠮᠦᠵᠢᠯ ᠤᠨ ᠰᠢᠰᠲ᠋ᠧᠮ ᠢ ᠪᠠᠶᠢᠭᠤᠯᠬᠤ ᠴᠢᠬᠤᠯᠠ ᠠᠷᠭ᠎ᠠ ᠪᠠᠷᠢᠯ ᠪᠣᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠷᠣᠨ ᠪᠦᠰᠡ ᠶᠢᠨ ᠠᠵᠤ ᠠᠬᠤᠢ  ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠬᠤᠯᠠ ᠭᠠᠷᠳᠠᠴᠠ ᠪᠣᠯᠵᠠᠢ᠃     
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ