- ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠲᠡᠮᠳᠡᠭᠯᠡᠪᠡ | ᠲᠦᠷᠦᠭᠦᠬᠡᠨ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ·ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ︾ ᠭᠤᠣᠯ ᠰᠡᠳᠦᠪᠲᠦ ᠬᠤᠶᠠᠳᠤᠭᠠᠷ | ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠦᠷ᠎ᠡ ᠪᠦᠲᠦᠭᠡᠯ ᠤᠨ ᠳᠡᠯᠭᠡᠨ | ᠦᠵᠡᠭᠦᠯᠭᠡ ᠶᠢᠨ ᠠᠵᠢᠯᠯᠠᠭ᠎ᠠ ᠭᠦᠭᠡᠬᠤᠳᠠ ᠳᠤ ᠶᠠᠪᠤᠭᠳᠠᠯ᠎ᠠ᠃ ᠠᠵᠢᠯᠯᠠᠭ᠎ᠠ ᠳᠤ᠂ ᠱᠠᠩᠨᠠᠯ ᠭᠥᠷᠳᠡᠭᠰᠡᠨ ᠥᠨᠳᠥᠷ ᠳᠤᠮᠳᠠᠳᠤ ᠪᠠ ᠠᠩᠬ᠎ᠠ ᠳᠤᠮᠳᠠᠳᠤ ᠶᠢᠨ ᠠᠳᠠᠯᠢ | ᠪᠤᠰᠤ ᠬᠢᠴᠢᠶᠡᠯ ᠲᠦᠷᠦᠯ ᠤᠨ ᠪᠠᠭᠰᠢ ᠨᠠᠷ ᠰᠢᠯᠢᠳᠡᠭ ᠦᠵᠡᠭᠦᠯᠭᠡ ᠶᠢᠨ ᠬᠢᠴᠢᠶᠡᠯ ᠣᠷᠣᠬᠤ᠂ ᠬᠢᠴᠢᠶᠡᠯ ᠢ ᠦᠨᠡᠯᠡᠬᠦ ᠪᠠᠷ ᠳᠠᠮᠵᠢᠭᠤᠯᠵᠤ᠂ ᠡᠯ᠎ᠡ ᠭᠠᠵᠠᠷ ᠤᠨ ᠪᠠᠭᠰᠢ | ᠨᠠᠷ ᠲᠤ ᠬᠠᠷᠢᠯᠴᠠᠨ ᠰᠤᠷᠤᠯᠴᠠᠬᠤ ᠲᠠᠪᠴᠠᠩ ᠣᠯᠭᠤᠪᠠ᠃ ᠳᠤᠮᠳᠠᠳᠤ ᠰᠤᠷᠭᠠᠭᠤᠯᠢ ᠶᠢᠨ ᠭᠡᠯᠡ ᠪᠢᠴᠢᠭ ᠤᠨ ᠲᠦᠷᠦᠯ ᠤᠨ ᠨᠢᠭᠡᠳᠦᠭᠡᠷ ᠳᠡᠰ ᠤᠨ ᠱᠠᠩᠨᠠᠯ ᠬᠦᠷᠲᠡᠵᠦ | ᠦᠵᠡᠭᠦᠯᠭᠡ ᠶᠢᠨ ᠬᠢᠴᠢᠶᠡᠯ ᠣᠷᠣᠭᠰᠠᠨ᠂ ᠬᠥᠯᠥᠨ ᠪᠤᠶᠢᠷ ᠬᠤᠳᠠ ᠶᠢᠨ ᠠᠷᠤᠨ ᠬᠤᠰᠢᠭᠤ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠭᠡᠯᠡ ᠪᠢᠴᠢᠭ ᠤᠨ | ᠪᠠᠭᠰᠢ ᠸᠠᠩ ᠴᠦᠨ ᠵᠢᠶᠧ᠄︽ᠤᠷᠤᠯᠳᠤᠭᠠᠨ ᠳᠤ ᠪᠡᠯᠡᠳᠬᠡᠬᠦ ᠠᠴᠠ ᠠᠪᠤᠭᠠᠳ ᠬᠢᠴᠢᠶᠡᠯ ᠢᠶᠠᠨ ᠳᠠᠭᠢᠨ ᠳᠠᠪᠲᠠᠨ ᠰᠢᠯᠢᠳᠡᠭᠵᠢᠭᠦᠯᠬᠦ ᠳᠤᠮᠳᠠ ᠪᠢ ᠥᠪᠡᠷ ᠤᠨ ᠵᠢᠭᠠᠨ | ᠰᠤᠷᠭᠠᠯᠲᠠ ᠶᠢᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠪᠡ᠂ ᠱᠠᠩᠨᠠᠯ ᠬᠥᠬᠢᠭᠦᠯᠦᠯ ᠭᠥᠷᠳᠡᠭᠰᠡᠨ ᠨᠢ ᠨᠠᠳᠠ ᠶᠡᠭᠡ ᠵᠣᠷᠢᠭᠵᠢᠭᠤᠯᠤᠯ ᠪᠣᠯᠤᠭᠰᠠᠨ᠃ | ᠠᠵᠢᠯᠯᠠᠭ᠎ᠠ ᠳᠤ ᠣᠷᠤᠯᠴᠠᠬᠤ ᠪᠠᠷ ᠳᠠᠮᠵᠢᠨ ᠪᠤᠰᠤᠳ ᠪᠠᠭᠰᠢ ᠨᠠᠷ ᠤᠨ ᠰᠤᠷᠭᠠᠨ ᠬᠥᠮᠦᠵᠢᠯ ᠤᠨ ᠰᠢᠨ᠎ᠡ ᠣᠶᠢᠯᠠᠭᠠᠭᠳᠠᠬᠤᠨ ᠠᠴᠠ ᠰᠤᠷᠤᠯᠴᠠᠬᠰᠠᠨ︾ ᠭᠡᠵᠦ ᠶᠠᠷᠢᠵᠤ | ᠪᠠᠶᠢᠯ᠎ᠠ᠃ | ᠳᠤᠰ ᠠᠵᠢᠯᠯᠠᠭ᠎ᠠ ᠪᠣᠯ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠠᠭᠤᠯᠭ᠎ᠠ ᠶᠢᠨ ᠨᠢᠭᠡ ᠪᠣᠯᠣᠨ᠎ᠠ᠃ 2023 ᠣᠨ ᠤ | 3 ᠰᠠᠷ᠎ᠠ ᠳᠤ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠬᠠᠮᠲᠤ ᠪᠠᠷ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ | ᠭᠦᠨᠵᠡᠭᠡᠶᠢᠷᠡᠭᠦᠯᠬᠦ ᠵᠥᠪᠯᠡᠯᠴᠡᠭᠡᠷ︾ ᠲᠣᠭᠲᠠᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠭᠦᠨᠵᠡᠭᠡᠢ ᠬᠠᠮᠵᠢᠯᠴᠠᠭᠠᠨ ᠤ ᠬᠥᠰᠢᠭᠡ ᠶᠢ ᠰᠡᠬᠦᠵᠡᠢ᠃ ᠲᠠᠷᠠᠭᠠᠴᠢ ᠪᠠᠷ | ᠨᠢ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠡᠬᠢᠯᠡᠭᠦᠯᠦᠭᠰᠡᠨ ᠨᠢ ᠬᠤᠶᠠᠷ | ᠭᠠᠵᠠᠷ ᠤᠨ ᠬᠠᠮᠵᠢᠯᠴᠠᠭ᠎ᠠ ᠶᠢ ᠳᠡᠰ ᠳᠡᠪᠰᠢᠭᠦᠯᠦᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠦᠷ᠎ᠡ ᠪᠦᠳᠦᠮᠵᠢ ᠡᠯᠪᠡᠭ ᠪᠠᠶᠢᠵᠤ᠂ ᠥᠪᠥᠷ ᠮᠣᠩᠭᠤᠯ ᠤᠨ ᠪᠠᠭᠰᠢ ᠶᠢᠨ | ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠥᠯᠥᠪᠯᠡᠭᠡ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠯᠤᠰ ᠠᠴᠠ ᠬᠠᠷᠢᠯᠴᠠᠨ ᠬᠠᠪᠰᠤᠷᠤᠯᠴᠠᠬᠤ | ᠢᠨᠵᠧᠨᠧᠷᠢᠩ᠂ ᠥᠪᠥᠷ ᠮᠣᠩᠭᠤᠯ ᠤᠨ ᠰᠤᠷᠭᠠᠭᠤᠯᠢ︵ᠬᠡᠦᠬᠡᠳ ᠤᠨ ᠴᠡᠴᠡᠷᠯᠢᠭ︶ ᠶᠢᠨ ᠵᠠᠬᠢᠷᠤᠯ ᠤᠨ ᠠᠵᠢᠯᠯᠠᠬᠤ ᠦᠷᠦᠭᠡ ᠶᠢ ᠪᠠᠶᠢᠭᠤᠯᠬᠤ᠂ ᠪᠦᠯᠭᠦᠮ ᠮᠠᠶ᠋ᠢᠭ ᠤᠨ | ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ | ᠳᠡᠮᠵᠢᠵᠦ᠂ ᠪᠡᠭᠡᠵᠢᠩ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢᠨ ᠡᠷᠴᠢᠮ ᠢ ᠴᠢᠩᠭᠠᠷᠠᠭᠤᠯᠵᠤ᠂ ᠪᠡᠭᠡᠵᠢᠩ ᠥᠪᠥᠷ | ᠮᠣᠩᠭᠤᠯ ᠤᠨ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠤᠭᠰᠠᠨ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠂ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠬᠦᠴᠦᠨ ᠤ ᠰᠤᠷᠭᠠᠨ | ᠬᠥᠮᠦᠵᠢᠯ ᠤᠨ ᠬᠠᠮᠵᠢᠯᠴᠠᠭ᠎ᠠ ᠳᠤ ᠣᠷᠤᠯᠴᠠᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ 9 ᠲᠠᠯ᠎ᠠ ᠶᠢᠨ ᠡᠭᠦᠷᠭᠡ ᠶᠢ ᠡᠬᠢᠯᠡᠨ ᠬᠡᠷᠡᠭᠵᠢᠭᠦᠯᠵᠦ᠂ ᠤᠯᠠᠨ ᠲᠠᠯ᠎ᠠ ᠪᠠᠷ | ᠮᠡᠳᠡᠭᠳᠡᠮ᠎ᠡ ᠠᠮᠵᠢᠯᠲᠠ ᠣᠯᠣᠭᠰᠠᠨ ᠪᠠᠶᠢᠨ᠎ᠠ᠃ | - ᠬᠤᠶᠠᠷ ᠭᠠᠵᠠᠷ ᠤᠨ ᠬᠢᠨ ᠰᠤᠷᠭᠠᠨ ᠬᠥᠮᠦᠵᠢᠯ ᠤᠨ ᠠᠵᠢᠯ ᠲᠥᠷᠥᠯ ᠤᠨ ᠬᠠᠪᠰᠤᠷᠤᠯᠴᠠᠭ᠎ᠠ ᠪᠠᠷ ᠰᠤᠷᠭᠠᠨ ᠬᠥᠮᠦᠵᠢᠯ ᠤᠨ ᠲᠡᠩᠴᠡᠭᠦᠷᠢᠲᠡᠢ | ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠭᠦᠨᠵᠡᠭᠡᠢ ᠬᠠᠮᠵᠢᠯᠴᠠᠬᠤ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠪᠡ᠃ ᠡᠭᠦᠨ ᠤ ᠤᠯᠠᠮ ᠠᠴᠠ ᠨᠡᠶᠢᠰᠯᠡᠯ ᠠᠴᠠ ᠥᠪᠥᠷ ᠮᠣᠩᠭᠤᠯ ᠭᠦᠷᠲᠡᠯ᠎ᠡ᠂ | ᠬᠤᠳᠠ ᠠᠴᠠ ᠬᠥᠳᠡᠭᠡ ᠲᠣᠰᠬᠤᠨ ᠭᠦᠷᠲᠡᠯ᠎ᠡ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠠᠴᠠ ᠰᠦᠯᠵᠢᠶᠡᠨ ᠳᠠᠬᠢ ᠵᠢᠭᠠᠨ ᠰᠤᠷᠭᠠᠯᠲᠠ ᠭᠦᠷᠲᠡᠯ᠎ᠡ ᠥᠪᠥᠷ | ᠮᠣᠩᠭᠤᠯ ᠤᠨ ᠤᠯᠠᠨ ᠭᠠᠵᠠᠷ ᠤᠨ ᠶᠡᠭᠡ᠂ ᠳᠤᠮᠳᠠᠳᠤ᠂ ᠪᠠᠭ᠎ᠠ ᠰᠤᠷᠭᠠᠭᠤᠯᠢ ᠶᠢᠨ ᠰᠤᠷᠤᠬᠴᠢᠳ ᠪᠡᠭᠡᠵᠢᠩ ᠲᠠᠢ ᠠᠳᠠᠯᠢᠬᠠᠨ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠢ ᠡᠳ᠋ᠯᠡᠬᠦ ᠪᠣᠯᠣᠯ᠎ᠠ᠃ | - ᠵᠢᠯ ᠭᠠᠷᠤᠢ ᠶᠢᠨ ᠲᠤᠷᠰᠢ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠠᠭᠰᠢ ᠶᠢᠨ ᠡᠩᠨᠡᠭᠡ ᠶᠢᠨ ᠴᠢᠳᠠᠪᠤᠷᠢ ᠶᠢ | ᠳᠡᠭᠡᠭᠰᠢᠯᠡᠭᠦᠯᠭᠦ᠂ ᠬᠤᠰᠢᠭᠤ ᠰᠢᠶᠠᠨ ᠤ ᠠᠵᠢᠯ ᠲᠥᠷᠥᠯ ᠤᠨ ᠬᠠᠪᠰᠤᠷᠤᠯᠴᠠᠭ᠎ᠠ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠬᠠᠶᠢᠨ ᠰᠦᠪᠡᠭᠴᠢᠯᠡᠵᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠤᠶ ᠪᠣᠯᠭᠠᠪᠠ᠃ ᠢᠯᠠᠩᠭᠤᠶ᠎ᠠ ᠡᠨᠡ ᠵᠢᠯ ᠠᠴᠠ | ᠨᠠᠭᠠᠰᠢ᠂ ᠣᠯᠠᠨ ᠤᠳᠠᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢ ᠠᠬᠢᠭᠤᠯᠬᠤ ᠬᠤᠷᠠᠯ ᠢᠶᠠᠷ ᠳᠡᠮᠵᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ | ᠬᠡᠪᠴᠢᠶ᠎ᠡ ᠪᠠ ᠭᠦᠨᠴᠡ ᠤᠯᠠᠮ ᠨᠢᠭᠡ ᠠᠯᠬᠤᠮ ᠥᠷᠭᠡᠳᠪᠡ᠃ | - ᠬᠥᠳᠡᠭᠡ ᠲᠣᠰᠬᠤᠨ ᠤ ᠰᠤᠷᠭᠠᠭᠤᠯᠢ ᠶᠢᠨ ᠰᠠᠭᠤᠷᠢ ᠨᠢᠮᠭᠡᠨ᠂ ᠰᠢᠯᠢᠳᠡᠭ ᠪᠠᠭᠰᠢ ᠲᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠬᠤᠶᠠᠷ | ᠭᠠᠵᠠᠷ ᠤᠨ ᠬᠢᠨ ᠬᠠᠮᠲᠤ ᠪᠠᠷ 173 ᠰᠢᠯᠢᠳᠡᠭ ᠪᠠᠭᠰᠢ ᠶᠢ ᠰᠣᠩᠭᠤᠨ ᠲᠣᠮᠢᠯᠠᠵᠤ᠂ ᠮᠠᠨ ᠤ ᠣᠷᠣᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ 10 ᠰᠢᠶᠠᠨ ᠤ ᠥᠨᠳᠥᠷ ᠳᠤᠮᠳᠠᠳᠤ ᠰᠤᠷᠭᠠᠭᠤᠯᠢ ᠶᠢᠨ ᠱᠠᠲᠤᠨ ᠤ 18 ᠰᠤᠷᠭᠠᠭᠤᠯᠢ ᠳᠤ ᠣᠴᠢᠭᠤᠯᠵᠤ᠂ | ︽ᠪᠦᠯᠭᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠬᠠᠮᠲᠤ ᠪᠠᠷ ᠵᠢᠭᠠᠬᠤ ᠶᠢ ᠰᠤᠳᠤᠯᠬᠤ᠂ ᠬᠡᠷᠡᠭ ᠤᠨ ᠵᠢᠱᠢᠶ᠎ᠡ ᠶᠢᠨ ᠵᠢᠭᠠᠨ | ᠰᠤᠷᠭᠠᠯᠲᠠ᠂ ᠬᠢᠴᠢᠶᠡᠯ ᠰᠣᠨᠣᠰᠤᠨ︽ᠣᠨᠣᠰᠢᠯᠠᠬᠤ︾ ᠠᠷᠭ᠎ᠠ ᠮᠠᠶ᠋ᠢᠭ ᠢᠶᠠᠷ ᠲᠡᠷᠢᠭᠦᠨ ᠤ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ | ᠲᠤᠰᠠᠯᠠᠮᠵᠢ ᠬᠦᠷᠲᠡᠵᠦ ᠪᠠᠶᠢᠭ᠎ᠠ ᠰᠤᠷᠭᠠᠭᠤᠯᠢ ᠳᠤ ᠬᠦᠷᠭᠡᠯ᠎ᠡ᠃ | - ᠣᠶᠤᠨᠴᠢ ᠰᠤᠷᠭᠠᠨ ᠬᠥᠮᠦᠵᠢᠯ ᠤᠨ ᠲᠠᠪᠴᠠᠩ ᠢᠶᠠᠷ ᠪᠡᠭᠡᠵᠢᠩ ᠥᠪᠥᠷ ᠮᠣᠩᠭᠤᠯ ᠤᠨ ᠪᠠᠭᠰᠢ ᠰᠤᠷᠤᠬᠴᠢᠳ ︽ᠬᠠᠮᠲᠤ ᠪᠠᠷ ᠬᠢᠴᠢᠶᠡᠯᠯᠡᠬᠦ︾ ᠶᠢ | ᠪᠡᠶᠡᠯᠡᠭᠦᠯᠪᠡ᠃ AI ᠮᠡᠷᠭᠡᠵᠢᠯ᠂ 3D ᠮᠡᠷᠭᠡᠵᠢᠯ᠂ 4K ᠤᠨ ᠵᠢᠱᠢᠮᠡᠭ ᠠᠬᠤᠢ᠂ 8K ᠤᠨ ᠴᠠᠭ ᠢ ᠤᠷᠲᠤᠳᠬᠠᠵᠤ ᠰᠡᠭᠦᠳᠡᠷᠯᠡᠬᠦ ᠁ ᠡᠳᠡᠭᠡᠷ︽ᠲᠣᠭᠠᠴᠢᠯᠠᠭᠰᠠᠨ | ᠮᠡᠷᠭᠡᠵᠢᠯ︾ ᠢ ᠮᠠᠨ ᠤ ᠣᠷᠣᠨ ᠤ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠬᠡᠷᠡᠭᠯᠡᠬᠦ ᠪᠣᠯᠪᠠ᠃ ᠮᠠᠨ ᠤ ᠣᠷᠣᠨ ᠤ ᠬᠢᠩᠭᠠᠨ | ᠠᠶᠢᠮᠠᠭ ᠤᠨ ᠵᠠᠯᠠᠶᠢᠳ ᠬᠤᠰᠢᠭᠤ᠂ ᠤᠯᠠᠭᠠᠨᠬᠠᠳᠠ ᠬᠤᠲᠠ ᠶᠢᠨ ᠯᠢᠨᠰᠢ ᠰᠢᠶᠠᠨ ᠪᠣᠯ ᠪᠡᠭᠡᠵᠢᠩ ᠬᠤᠲᠠ ᠶᠢᠨ ᠹᠧᠩ ᠲᠠᠢ ᠲᠣᠭᠤᠷᠢᠭ ᠤᠨ ᠵᠡᠭᠦᠨ ᠪᠠᠷᠠᠭᠤᠨ | ᠬᠡᠰᠡᠭ ᠤᠨ ᠬᠠᠮᠵᠢᠯᠴᠠᠭ᠎ᠠ ᠶᠢᠨ ᠳᠤᠮᠳᠠ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠤᠭᠰᠠᠨ ᠭᠠᠵᠠᠷ ᠣᠷᠣᠨ ᠪᠣᠯᠣᠨ᠎ᠠ᠃ ᠲᠤᠰ ᠬᠤᠶᠠᠷ ᠭᠠᠵᠠᠷ ᠲᠤ ᠨᠡᠶᠢᠲᠡ | 42 ᠪᠠᠭ᠎ᠠ ᠰᠤᠷᠭᠠᠭᠤᠯᠢ᠂ 28000 ᠭᠠᠷᠤᠢ ᠪᠠᠭ᠎ᠠ ᠰᠤᠷᠭᠠᠭᠤᠯᠢ ᠶᠢᠨ ᠰᠣᠷᠣᠬᠴᠢ ᠪᠤᠶ᠃ ᠹᠧᠩ ᠲᠠᠢ ᠲᠣᠭᠤᠷᠢᠭ ᠤᠨ ᠲᠤᠰᠠᠯᠠᠨ ᠳᠡᠮᠵᠢᠬᠦ ᠬᠠᠮᠵᠢᠯᠴᠠᠭᠠᠨ ᠤ | ᠠᠯᠪᠠᠨ ᠭᠡᠷ ᠲᠣᠭᠠᠴᠢᠯᠠᠭᠰᠠᠨ ᠮᠡᠷᠭᠡᠵᠢᠯ ᠳᠤ ᠲᠦᠰᠢᠭᠯᠡᠨ᠂ ᠠᠵᠢᠯ ᠲᠦᠷᠦᠯ ᠤᠨ ᠬᠠᠪᠰᠤᠷᠤᠯᠴᠠᠭ᠎ᠠ ᠪᠠᠷ ᠬᠠᠪᠰᠤᠷᠤᠨ ᠲᠡᠳᠬᠦᠬᠦ ᠬᠤᠰᠢᠭᠤ ᠰᠢᠶᠠᠨ ᠳᠤ ︽ᠬᠤᠣᠰ | ᠪᠠᠭᠰᠢ ᠲᠠᠢ ᠬᠡᠪ ᠪᠣᠯᠪᠠᠰᠤᠷᠠᠯ ᠤᠨ ᠬᠢᠴᠢᠶᠡᠯ ᠤᠨ ᠲᠠᠩᠬᠢᠮ︾ ᠤᠨ ᠣᠷᠤᠯᠴᠠᠬᠤ ᠮᠠᠶ᠋ᠢᠭ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠠᠷᠭ᠎ᠠ | ᠭᠡᠯᠪᠡᠷᠢ ᠶᠢ ᠰᠦᠪᠡᠭᠴᠢᠯᠡᠵᠦ᠂ ᠲᠣᠭᠠᠴᠢᠯᠠᠭᠰᠠᠨ ᠠᠷᠭ᠎ᠠ ᠭᠡᠯᠪᠡᠷᠢ ᠪᠠᠷ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠬᠦ ᠶᠢ ᠠᠬᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠳᠤ ᠴᠢᠳᠠᠪᠤᠷᠢ ᠣᠯᠭᠤᠬᠤ ᠰᠢᠨ᠎ᠡ ᠵᠠᠮ ᠢ | ᠨᠡᠭᠡᠭᠡᠵᠦ᠂ ᠬᠥᠳᠡᠭᠡ ᠲᠣᠰᠬᠤᠨ ᠤ ᠬᠡᠦᠬᠡᠳ ᠲᠤ ᠬᠤᠳᠠ ᠶᠢᠨ ᠬᠡᠦᠬᠡᠳ ᠲᠠᠢ ᠠᠳᠠᠯᠢᠬᠠᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠵᠡᠢ᠃ | ᠪᠡᠭᠡᠵᠢᠩ ᠬᠤᠲᠠ ᠵᠢᠨ᠋ ᠬᠢᠨ︽ᠬᠤᠣᠰ ᠰᠢᠯᠢᠳᠡᠭ ᠡᠭᠦᠯᠡᠨ ᠬᠥᠭᠦᠷᠭᠡ︾᠂︽ᠵᠠᠭᠤᠨ ᠰᠤᠷᠭᠠᠭᠤᠯᠢ ᠪᠠᠷ ᠵᠠᠭᠤᠨ ᠰᠤᠷᠭᠠᠭᠤᠯᠢ ᠶᠢ ᠳᠠᠭᠠᠭᠤᠯᠬᠤ︾᠂︽ᠰᠤᠷᠭᠠᠭᠤᠯᠢ ᠶᠢᠨ | ᠵᠠᠬᠢᠷᠤᠯ ᠤᠨ ᠠᠵᠢᠯᠯᠠᠬᠤ ᠦᠷᠦᠭᠡ︾᠂ ︽ᠢᠨᠲ᠋ᠧᠷ ᠰᠦᠯᠵᠢᠶ᠎ᠡ + ᠣᠶᠤᠨᠲᠤ ᠬᠢᠴᠢᠶᠡᠯ ᠤᠨ ᠲᠠᠩᠬᠢᠮ︾ ᠵᠡᠷᠭᠡ ᠨᠢᠭᠡ ᠪᠦᠯᠦᠭ ᠪᠡᠭᠡᠵᠢᠩ ᠥᠪᠥᠷ ᠮᠣᠩᠭᠤᠯ ᠤᠨ | ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠠᠮᠵᠢᠯᠲᠠ ᠲᠠᠢ ᠵᠠᠭᠪᠤᠷ ᠢ ᠬᠠᠶᠢᠨ ᠰᠦᠪᠡᠭᠴᠢᠯᠡᠵᠦ ᠭᠠᠷᠭᠠᠵᠠᠢ᠃ | - ᠨᠢᠳᠤᠨᠤᠨ ᠤ 10 ᠰᠠᠷ᠎ᠠ ᠳᠤ ᠠᠰᠢᠭᠯᠠᠯᠲᠠ ᠳᠤ ᠣᠷᠣᠭᠤᠯᠤᠭᠰᠠᠨ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ | ᠣᠶᠤᠨᠴᠢ ᠲᠠᠪᠴᠠᠩ︾ ᠢ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠲᠥᠷᠥᠯ ᠵᠦᠢᠯ ᠤᠨ ᠳᠡᠮᠵᠢᠯᠭᠡ ᠪᠠ ᠬᠠᠮᠢᠶᠠᠷᠤᠯᠲᠠ ᠳᠤ ᠬᠡᠷᠡᠭᠯᠡᠵᠦ᠂ | ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠢᠶᠠᠷᠤᠭᠴᠢ᠂ ᠵᠢᠭᠠᠬᠤ ᠶᠢ ᠰᠤᠳᠤᠯᠤᠭᠴᠢ᠂ ᠪᠠᠭᠰᠢ᠂ ᠰᠣᠷᠣᠬᠴᠢ ᠵᠡᠷᠭᠡ ᠠᠳᠠᠯᠢ ᠪᠤᠰᠤ | ᠬᠡᠷᠡᠭᠯᠡᠭᠴᠢᠳ ᠥᠷᠭᠡᠨ ᠢᠶᠠᠷ ᠠᠰᠢᠭᠯᠠᠪᠠ᠃ ᠡᠨᠡ ᠬᠦ ᠲᠠᠪᠴᠠᠩ ᠤᠨ ᠬᠡᠷᠡᠭᠯᠡᠯᠲᠡ ᠨᠢ ᠤᠯᠠᠮᠵᠢᠯᠠᠯᠲᠤ ᠴᠡᠭ ᠠᠴᠠ ᠴᠡᠭ ᠲᠤ ᠬᠦᠷᠬᠦ ᠠᠵᠢᠯ ᠲᠥᠷᠥᠯ ᠤᠨ | ᠬᠠᠪᠰᠤᠷᠤᠯᠴᠠᠭ᠎ᠠ ᠶᠢ ᠴᠡᠭ ᠢᠶᠠᠷ ᠨᠡᠶᠢᠳᠡᠮ ᠢ ᠳᠠᠶᠢᠴᠢᠯᠠᠬᠤ ᠪᠣᠯᠭᠠᠨ ᠬᠤᠪᠢᠷᠠᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠢᠵᠢᠯ ᠠᠯᠬᠤᠮᠲᠤ | ᠬᠢᠴᠢᠶᠡᠯ ᠤᠨ ᠲᠠᠩᠬᠢᠮ᠂ ᠢᠵᠢᠯ ᠠᠯᠬᠤᠮᠲᠤ ᠵᠢᠭᠠᠬᠤ ᠶᠢ ᠰᠤᠳᠤᠯᠬᠤ ᠠᠬᠤᠢ ᠲᠠᠯᠠᠪᠠᠶ ᠶᠢᠨ ᠬᠡᠷᠡᠭᠯᠡᠯᠲᠡ ᠶᠢ ᠪᠣᠳᠠᠲᠤ ᠠᠬᠤᠢ ᠪᠤᠯᠭᠠᠬᠰᠠᠨ ᠪᠠᠶᠢᠨ᠎ᠠ᠃ ᠨᠡᠶᠢᠰᠯᠡᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠰᠤᠷᠭᠠᠭᠤᠯᠢ ᠣᠶᠤᠨᠴᠢ ᠲᠠᠪᠴᠠᠩ ᠳᠤ ᠰᠠᠭᠤᠷᠢᠯᠠᠵᠤ᠂ ᠨᠢᠭᠡᠨᠲᠡ | ᠨᠠᠢᠮᠠ ᠤᠳᠠᠭᠠᠨ ᠤ ᠢᠵᠢᠯ ᠠᠯᠬᠤᠮᠲᠤ ᠬᠢᠴᠢᠶᠡᠯ ᠤᠨ ᠲᠠᠩᠬᠢᠮ᠂ ᠢᠵᠢᠯ ᠠᠯᠬᠤᠮᠲᠤ ᠵᠢᠭᠠᠬᠤ ᠶᠢ ᠰᠤᠳᠤᠯᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ | 7000 ᠭᠠᠷᠤᠢ ᠪᠠᠭᠰᠢ ᠶᠢ ᠲᠠᠶᠢᠴᠢᠯᠠᠨ ᠢᠳᠡᠪᠬᠢᠲᠡᠢ ᠣᠷᠣᠯᠴᠠᠭᠤᠯᠪᠠ᠃ 17 ᠤᠳᠠᠭᠠᠨ ᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠮᠠᠨ ᠤ ᠣᠷᠣᠨ ᠤ | 14 ᠲᠦᠮᠡᠨ ᠪᠠᠭᠰᠢ ᠰᠤᠷᠤᠬᠴᠢᠳ ᠲᠤ ᠠᠰᠢᠭ ᠬᠦᠷᠲᠡᠭᠡᠪᠡ᠃ ᠣᠶᠢᠯᠠᠭᠠᠭᠰᠠᠨ ᠢᠶᠠᠷ᠂ ᠥᠨᠥ ᠵᠢᠯ ᠪᠠᠰᠠ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠬᠠᠮᠵᠢᠯᠴᠠᠭᠠᠨ ᠤ 20 ᠲᠥᠷᠥᠯ ᠵᠦᠢᠯ ᠢ ᠣᠶᠤᠨᠴᠢ ᠲᠠᠪᠴᠠᠩ ᠳᠤ ᠲᠦᠰᠢᠭᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠬᠠᠮᠲᠤ ᠬᠢᠨᠠᠨ ᠬᠡᠮᠵᠢᠵᠦ ᠦᠨᠡᠯᠡᠨ | ᠵᠢᠱᠢᠬᠦ ᠶᠢ ᠪᠡᠶᠡᠯᠡᠭᠦᠯᠦᠭᠰᠡᠨ ᠪᠠᠶᠢᠨ᠎ᠠ᠃ | - ︽ᠪᠦᠯᠭᠦᠮ ᠪᠠᠶᠢᠭᠤᠯᠬᠤ ᠮᠠᠶ᠋ᠢᠭ︾ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠵᠠᠭᠪᠤᠷ ᠤᠨ ᠳᠣᠣᠷ᠎ᠠ᠂ ᠪᠡᠭᠡᠵᠢᠩ ᠥᠪᠥᠷ ᠮᠣᠩᠭᠤᠯ ᠤᠨ | ᠰᠤᠷᠭᠠᠨ ᠬᠥᠮᠦᠵᠢᠯ ᠤᠨ ᠬᠠᠮᠵᠢᠯᠴᠠᠭᠠᠨ ᠤ ᠰᠠᠯᠠᠭ᠎ᠠ ᠮᠥᠴᠢᠷ ᠤᠨ ᠬᠢᠨ ᠠᠯᠤᠰ ᠭᠡᠲᠦ ᠶᠢᠨ︽ᠲᠡᠳᠬᠦᠬᠦ ᠮᠠᠶ᠋ᠢᠭ︾ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠠᠷᠭ᠎ᠠ ᠵᠠᠮ ᠢ ᠢᠳᠡᠪᠬᠢᠲᠡᠢ ᠡᠷᠢᠯᠬᠢᠯᠡᠪᠡ᠃ ᠨᠠᠷᠠᠲᠤ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠵᠠᠬᠢᠷᠤᠯ᠂ ᠨᠠᠷᠠᠲᠤ ᠪᠠᠭᠰᠢ ᠶᠢᠨ ᠠᠵᠢᠯ ᠤᠨ ᠦᠷᠦᠭᠡ᠂ | ︽ᠭᠤᠷᠪᠠᠨ ᠬᠡᠰᠡᠭ ᠶᠢᠰᠦᠨ ᠭᠤᠭᠴᠤᠭ᠎ᠠ︾ ᠶᠢᠨ ᠠᠵᠢᠯ ᠤᠨ ᠪᠠᠶᠢᠷᠢ ᠳᠠᠭᠠᠵᠤ ᠪᠤᠯᠪᠠᠰᠤᠷᠠᠭᠤᠯᠬᠤ᠂ ᠦᠢᠯᠡᠳᠦᠯᠭᠡ ᠶᠢᠨ ᠰᠤᠳᠤᠯᠤᠨ ᠰᠤᠷᠤᠯᠴᠠᠬᠤ᠂ ᠨᠠᠷᠠᠲᠤ ᠪᠠᠭᠰᠢ | ᠱᠠᠪᠢ ᠳᠠᠭᠠᠭᠤᠯᠬᠤ ᠬᠤᠶᠠᠷ ᠱᠠᠲᠤᠨ ᠤ ᠠᠵᠢᠯ ᠤᠨ ᠦᠷᠦᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠵᠠᠭᠪᠤᠷ ᠢ ᠪᠤᠶ ᠪᠤᠯᠭᠠᠵᠤ᠂ | ᠪᠠᠭᠰᠢ ᠶᠢᠨ︽ᠴᠢᠰᠤ ᠪᠦᠲᠦᠭᠡᠬᠦ︾ ᠴᠢᠳᠠᠪᠤᠷᠢ ᠶᠢ ᠴᠢᠩᠭᠠᠷᠠᠭᠤᠯᠤᠨ᠂ ᠵᠢᠭᠠᠨ ᠰᠤᠷᠭᠠᠯᠲᠠ ᠶᠢᠨ ᠵᠠᠭᠪᠤᠷ᠂ ᠬᠠᠷᠢᠯᠴᠠᠨ ᠬᠥᠳᠡᠯᠦᠯᠴᠡᠬᠦ ᠠᠷᠭ᠎ᠠ ᠪᠣᠳᠣᠯᠭ᠎ᠠ᠂ ᠵᠢᠭᠠᠨ | ᠰᠤᠷᠭᠠᠯᠲᠠ ᠶᠢᠨ ᠦᠨᠡᠯᠡᠯᠲᠡ ᠵᠡᠷᠭᠡ ᠪᠦᠬᠦᠯᠢ ᠴᠣᠭᠴᠠ ᠶᠢᠨ ᠥᠭᠡᠷᠡᠴᠢᠯᠡᠯᠲᠡ ᠪᠠᠷ ᠰᠤᠷᠤᠬᠴᠢᠳ ᠤᠨ ᠰᠤᠷᠤᠯᠴᠠᠬᠤ ᠠᠷᠭ᠎ᠠ ᠮᠠᠶ᠋ᠢᠭ ᠢ ᠠᠬᠢᠭᠤᠯᠪᠠ᠃ | ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠲᠠᠮᠵᠢᠨ ᠣᠳᠣᠬᠠᠨ | ᠪᠤᠯᠲᠠᠯ᠎ᠠ᠂ ᠪᠡᠭᠡᠵᠢᠩ ᠬᠤᠳᠠ ᠶᠢᠨ 17 ᠲᠣᠭᠤᠷᠢᠭ ᠨᠢ ᠮᠠᠨ ᠤ ᠣᠷᠣᠨ ᠤ 7 ᠠᠶᠢᠮᠠᠭ ᠬᠤᠳᠠ ᠶᠢᠨ 31 ᠬᠤᠰᠢᠭᠤ ᠰᠢᠶᠠᠨ ᠲᠠᠢ ᠠᠵᠢᠯ ᠲᠦᠷᠦᠯ ᠤᠨ | ᠬᠠᠪᠰᠤᠷᠤᠯᠴᠠᠭ᠎ᠠ ᠪᠠᠶᠢᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ 486 ᠬᠤᠣᠰ ᠳᠤᠮᠳᠠᠳᠤ ᠪᠠᠭ᠎ᠠ ᠰᠤᠷᠭᠠᠭᠤᠯᠢ ᠠᠵᠢᠯ ᠲᠦᠷᠦᠯ ᠤᠨ | ᠬᠠᠪᠰᠤᠷᠤᠯᠴᠠᠭ᠎ᠠ ᠪᠠᠶᠢᠭᠤᠯᠵᠤ᠂ ᠪᠡᠭᠡᠵᠢᠩ ᠬᠤᠳᠠ ᠶᠢᠨ 20 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠮᠠᠨ ᠤ ᠣᠷᠣᠨ ᠤ 31 ᠠᠵᠢᠯ ᠮᠡᠷᠭᠡᠵᠢᠯ ᠤᠨ | ᠰᠤᠷᠭᠠᠭᠤᠯᠢ ᠲᠠᠢ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠤ᠂ ᠪᠡᠭᠡᠵᠢᠩ ᠬᠤᠳᠠ ᠶᠢᠨ 12 ᠶᠡᠭᠡ ᠳᠡᠭᠡᠳᠦ ᠰᠤᠷᠭᠠᠭᠤᠯᠢ ᠮᠠᠨ ᠤ ᠣᠷᠣᠨ ᠤ 10 ᠶᠡᠭᠡ | ᠳᠡᠭᠡᠳᠦ ᠰᠤᠷᠭᠠᠭᠤᠯᠢ ᠲᠠᠢ ᠰᠣᠯᠢᠯᠴᠠᠭ᠎ᠠ ᠥᠷᠨᠢᠭᠦᠯᠵᠦ᠂ ᠤᠯᠠᠨ ᠲᠡᠰ ᠳᠠᠪᠬᠤᠷᠭ᠎ᠠ ᠶᠢᠨ᠂ ᠤᠯᠠᠨ ᠡᠰᠢᠴᠢᠯᠡᠭᠰᠡᠨ ᠬᠠᠮᠲᠤᠷᠠᠯᠴᠠᠭ᠎ᠠ ᠶᠢᠨ ᠵᠠᠭᠪᠤᠷ ᠢ ᠪᠡᠶᠡᠯᠡᠭᠦᠯᠪᠡ᠃ | | |