ᠣᠷᠳᠣᠰ ᠬᠤᠳᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠰᠢᠨ᠎ᠡ ᠠᠷᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2024/12/16
       ᠣᠷᠳᠣᠰ ᠬᠤᠲᠠ ᠶᠢᠨ ᠭᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠣᠶᠢᠷ᠎ᠠ ᠳᠤ ︽ᠰᠤᠷᠭᠠᠭᠤᠯᠢ ᠶᠢᠨ ᠭᠠᠳᠠᠨᠠᠬᠢ  ᠪᠣᠯᠪᠠᠰᠤᠷᠠᠯ ᠤᠨ ᠠᠵᠢᠯ ᠲᠥᠷᠥᠯ ᠤᠨ ᠰᠦᠯᠵᠢᠶᠡᠨ ᠤ ᠦᠢᠯᠡᠴᠢᠯᠡᠭᠡᠨ ᠤ ᠥᠷᠲᠡᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾  ᠭᠡᠵᠦ ᠳᠥᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯ ᠲᠥᠷᠥᠯ ᠤᠨ ᠡᠳᠦᠷ ᠲᠤᠲᠤᠮ ᠤᠨ ᠬᠢᠨᠠᠯᠲᠠ  ᠬᠠᠮᠢᠶᠠᠷᠤᠯᠲᠠ᠂ ᠲᠣᠭᠤᠷᠢᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠣᠭᠲᠠᠭᠠᠯ ᠢ ᠵᠥᠷᠢᠴᠡᠨ ᠪᠠᠶᠢᠴᠠᠭᠠᠨ ᠰᠢᠢᠳᠪᠦᠷᠢᠯᠡᠬᠦ ᠵᠡᠷᠭᠡ ᠳᠦᠷᠢᠮ ᠤᠨ  ᠪᠠᠶᠢᠭᠤᠯᠤᠯᠲᠠ ᠶᠢ ᠰᠢᠨ᠎ᠡ ᠶᠢ ᠡᠭᠦᠳᠬᠦ ᠴᠢᠨᠠᠷᠲᠠᠢ ᠠᠬᠢᠭᠤᠯᠵᠤ᠂ ᠠᠵᠢᠯ ᠲᠥᠷᠥᠯ ᠤᠨ ᠡᠮᠬᠢ ᠵᠢᠷᠤᠮ ᠢ ᠬᠦᠴᠦᠯᠡᠨ ᠵᠢᠷᠤᠮᠵᠢᠭᠤᠯᠪᠠ᠃        ︽ᠲᠥᠰᠥᠯ︾᠎ ᠳᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠲᠣᠥᠷᠵᠢᠭᠤᠯᠤᠬᠰᠠᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂  ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯ ᠲᠥᠷᠥᠯ ᠤᠨ ᠲᠣᠥᠷᠵᠢᠭᠤᠯᠤᠬᠰᠠᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠷᠣᠨ ᠪᠦᠰᠡ ᠶᠢᠨ  ᠪᠠᠶᠢᠷᠢᠰᠢᠯ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠲᠠᠷᠬᠠᠯᠲᠠ ᠶᠢᠨ ᠣᠨᠴᠠᠯᠢᠭ ᠢ ᠦᠨᠳᠦᠰᠦᠯᠡᠨ᠂ ᠬᠠᠮᠢᠶᠠᠷᠤᠯᠲᠠ ᠶᠢᠨ ᠲᠣᠣᠷ ᠤᠨ  ᠪᠦᠷᠢᠯᠳᠦᠭᠦᠨ ᠪᠠ ᠲᠤᠭ᠎ᠠ ᠬᠡᠮᠵᠢᠶ᠎ᠡ ᠶᠢ ᠬᠤᠪᠢᠶᠠᠷᠢᠯᠠᠵᠤ᠂ ᠬᠠᠮᠢᠶᠠᠷᠤᠯᠲᠠ ᠶᠢ ᠨᠠᠷᠢᠯᠢᠭᠵᠢᠭᠤᠯᠬᠤ ᠪᠠ ᠪᠦᠭᠦᠨ ᠢ ᠬᠠᠮᠤᠷᠬᠤ ᠶᠢ ᠦᠨᠡᠨ ᠬᠦ ᠪᠠᠲᠤᠯᠠᠨ᠎ᠠ ᠭᠡᠵᠦ  ᠲᠣᠳᠣᠷᠬᠠᠶᠢᠯᠠᠪᠠ᠃        ︽ᠲᠥᠰᠥᠯ︾᠎ ᠳᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠤᠯᠭᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠣᠬᠢᠶᠠᠨ  ᠪᠠᠶᠢᠭᠤᠯᠤᠨ ᠨᠢᠭᠡᠳᠦᠯᠲᠡᠢ ᠲᠥᠯᠥᠪᠵᠢᠭᠦᠯᠬᠦ ᠶᠢ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ  ᠪᠣᠳᠠᠲᠠᠢ ᠬᠡᠷᠡᠭᠵᠢᠭᠦᠯᠬᠦ ᠪᠠ ᠲᠤᠬᠠᠢ ᠶᠢᠨ ᠲᠠᠯᠠᠪᠤᠷ ᠲᠤ ᠱᠠᠯᠠᠪᠳᠠᠭᠤᠯᠤᠨ ᠵᠢᠯᠤᠭᠤᠳᠬᠤ ᠶᠢ ᠬᠠᠷᠢᠭᠤᠴᠠᠵᠤ᠂ ᠬᠠᠷᠢᠭᠤᠴᠠᠯᠭ᠎ᠠ ᠲᠣᠳᠣᠷᠬᠠᠢ ᠦᠭᠡᠢ ᠪᠠᠶᠢᠬᠤ ᠠᠴᠠ  ᠵᠠᠶᠢᠯᠠᠰᠬᠢᠵᠦ᠂ ᠬᠠᠷᠢᠯᠴᠠᠨ ᠲᠦᠯᠬᠢᠯᠴᠡᠬᠦ ᠶᠢ ᠲᠠᠰᠤ ᠬᠤᠷᠢᠭᠯᠠᠵᠤ᠂ ︽ᠬᠠᠮᠢᠶᠠᠷᠬᠤ ᠬᠥᠮᠥᠨ ᠲᠠᠢ᠂ ᠪᠠᠶᠢᠴᠠᠭᠠᠬᠤ ᠬᠥᠮᠥᠨ ᠲᠠᠢ᠂ ᠲᠣᠭᠤᠷᠢᠨ ᠪᠠᠶᠢᠴᠠᠭᠠᠬᠤ ᠬᠥᠮᠥᠨ ᠲᠠᠢ᠂ ᠬᠠᠮᠢᠶᠠᠷᠴᠤ ᠳᠡᠶᠢᠯᠭᠦ᠂ ᠰᠠᠶᠢᠲᠤᠷ ᠬᠠᠮᠢᠶᠠᠷᠬᠤ︾᠎ ᠶᠢ ᠦᠨᠡᠨ ᠬᠦ ᠪᠠᠲᠤᠯᠠᠨ᠎ᠠ ᠭᠡᠵᠦ ᠲᠣᠳᠣᠷᠬᠠᠢ ᠲᠣᠭᠲᠠᠭᠠᠪᠠ᠃ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ  ᠵᠢᠭᠠᠨ ᠰᠤᠷᠭᠠᠯᠲᠠ ᠶᠢᠨ ᠠᠭᠤᠯᠭ᠎ᠠ᠂ ᠪᠠᠭᠰᠢ ᠶᠢᠨ ᠬᠦᠴᠦᠨ᠂ ᠤᠷᠢᠳᠴᠢᠯᠠᠨ ᠰᠦᠢᠳᠬᠡᠯ ᠬᠤᠷᠢᠶᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ᠂ ᠠᠮᠤᠷ  ᠲᠦᠪᠰᠢᠨ ᠤ ᠬᠠᠮᠢᠶᠠᠷᠤᠯᠲᠠ ᠵᠡᠷᠭᠡ ᠪᠠᠷ ᠭᠤᠣᠯᠳᠠᠯᠭ᠎ᠠ ᠪᠤᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠶᠢ  ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠳᠤᠤᠷᠵᠢᠭᠤᠯᠤᠬᠰᠠᠨ ᠬᠠᠮᠢᠶᠠᠷᠤᠯᠲᠠ ᠶᠢᠨ ᠳᠣᠲᠣᠷᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ  ᠪᠠᠶᠢᠭᠤᠯᠤᠮᠵᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠵᠤ᠂ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠤᠨ ᠠᠰᠠᠭᠤᠳᠠᠯ ᠢ  ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠶᠢ ᠦᠨᠡᠨ ᠬᠦ  ᠪᠠᠲᠤᠯᠠᠬᠤ ᠬᠡᠷᠡᠭᠲᠡᠢ ᠭᠡᠪᠡ᠃        ︽ᠲᠥᠰᠥᠯ︾᠎ ᠳᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠰᠣᠷᠣᠬᠴᠢ ᠪᠣᠯᠣᠨ ᠭᠡᠷ ᠤᠨ ᠠᠬᠠᠮᠠᠳ ᠲᠤ  ᠪᠣᠯᠪᠠᠰᠤᠷᠠᠯ ᠤᠨ ᠪᠠᠶᠢᠭᠤᠯᠤᠮᠵᠢ ᠶᠢ ᠣᠶᠢᠯᠠᠭᠠᠵᠤ ᠦᠨᠡᠯᠡᠬᠦ ᠠᠷᠭ᠎ᠠ ᠵᠠᠮ ᠢ ᠬᠠᠩᠭᠠᠨ ᠥᠭᠴᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ  ᠠᠵᠢᠯᠯᠠᠭᠠᠨ ᠤ ᠪᠠᠶᠢᠳᠠᠯ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠯᠡᠨ ᠵᠢᠱᠢᠭᠰᠡᠨ ᠦᠷ᠎ᠡ ᠳ᠋ᠦᠩ᠂ ᠵᠠᠭᠠᠯᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠡᠷᠭᠡ  ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠨ᠂ ᠠᠰᠠᠭᠤᠳᠠᠯ ᠢ ᠡᠷᠢᠵᠦ᠂ ᠬᠠᠯᠠᠨ  ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠪᠦᠭᠦ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠦᠨᠡᠯᠡᠨ ᠵᠢᠱᠢᠬᠦ ᠳᠤ ᠣᠷᠤᠯᠴᠠᠬᠤ ᠶᠢ ᠠᠬᠢᠭᠤᠯᠤᠨ᠂  ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠴᠢᠨᠠᠷ ᠰᠠᠶᠢᠲᠠᠢ᠂ ᠠᠮᠤᠷ ᠲᠦᠪᠰᠢᠨ ᠣᠷᠴᠢᠨ ᠲᠣᠭᠤᠷᠢᠨ ᠢ ᠪᠤᠶ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ