ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠦᠵᠡᠭᠦᠯᠭᠡ ᠪᠣᠯᠣᠯ᠎ᠠ
ᠨᠡᠶᠢᠲᠡᠯᠡᠭᠰᠡᠨ ᠴᠠᠭ᠄
2024/12/16
       ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ  ᠲᠠᠩᠬᠢᠮ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠣᠶᠢᠷ᠎ᠠ ᠶᠢᠨ ᠡᠳᠦᠷ ᠭᠦᠭᠡᠬᠤᠲᠠ ᠳᠤ ᠦᠷᠭᠦᠯᠵᠢᠯᠡᠨ ᠶᠠᠪᠤᠭᠳᠠᠵᠤ᠂ ᠪᠦᠭᠦ ᠣᠷᠣᠨ ᠤ 12  ᠠᠶᠢᠮᠠᠭ ᠬᠤᠲᠠ ᠶᠢᠨ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠲᠥᠯᠥᠭᠡᠯᠡᠭᠴᠢᠳ ᠵᠠᠯᠭᠠᠭ᠎ᠠ ᠪᠠᠷ  ᠴᠤᠭᠯᠠᠷᠠᠵᠤ᠂ ᠬᠢᠴᠢᠶᠡᠯ ᠲᠥᠷᠥᠯ ᠪᠠ ᠰᠤᠷᠤᠯᠭ᠎ᠠ ᠶᠢᠨ ᠱᠠᠲᠤ ᠬᠤᠪᠢᠶᠠᠨ᠂ ᠳᠠᠭᠤᠤ ᠬᠥᠭᠵᠢᠮ᠂ ᠤᠷᠠᠨ ᠵᠢᠷᠤᠭ ᠵᠢᠴᠢ ᠤᠷᠠᠨ ᠪᠢᠴᠢᠯᠭᠡ ᠶᠢᠨ ᠬᠢᠴᠢᠶᠡᠯ ᠤᠨ  ᠲᠠᠩᠬᠢᠮ ᠤᠨ ᠵᠢᠭᠠᠨ ᠰᠤᠷᠭᠠᠯᠲᠠ ᠶᠢᠨ ᠬᠡᠪ ᠨᠠᠮᠪᠠ ᠪᠠᠨ ᠲᠠᠶᠢᠰᠠᠨ ᠳᠤ ᠳᠡᠯᠭᠡᠨ ᠦᠵᠡᠭᠦᠯᠵᠦ᠂ ᠰᠣᠯᠢᠯᠴᠠᠭ᠎ᠠ ᠰᠤᠷᠤᠯᠴᠠᠯᠭ᠎ᠠ ᠶᠢᠨ ᠳᠤᠮᠳᠠ ᠵᠢᠭᠠᠨ ᠰᠤᠷᠭᠠᠯᠲᠠ ᠶᠢᠨ  ᠴᠢᠳᠠᠪᠤᠷᠢ ᠪᠠᠨ ᠬᠠᠮᠲᠤ ᠪᠠᠷ ᠰᠣᠷᠢᠵᠤ ᠬᠠᠮᠲᠤ ᠪᠠᠷ ᠳᠡᠭᠡᠭᠰᠢᠯᠡᠭᠦᠯᠵᠦ ᠪᠠᠶᠢᠨ᠎ᠠ᠃        ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠣᠯᠯᠠᠨ ᠡᠷᠭᠢᠯᠡᠵᠦ᠂ ᠭᠦᠭᠡᠬᠤᠲᠠ ᠶᠢᠨ ᠰᠤᠷᠭᠠᠨ ᠬᠥᠮᠦᠵᠢᠯ ᠤᠨ  ᠲᠣᠪᠴᠢᠶ᠎ᠠ ᠳᠠᠭᠠᠭᠠᠴᠢᠯᠠᠨ ᠡᠷᠭᠢᠯᠡᠪᠡ᠃ ᠠᠵᠢᠯᠯᠠᠭ᠎ᠠ ᠨᠢ ᠠᠩᠭᠢ ᠵᠢᠭᠡᠯᠡᠨ ᠬᠢᠴᠢᠶᠡᠯᠯᠡᠬᠦ ᠠᠷᠭ᠎ᠠ ᠮᠠᠶ᠋ᠢᠭ ᠢᠶᠠᠷ ᠶᠠᠪᠤᠭᠳᠠᠵᠤ᠂ ᠣᠷᠣᠨ ᠤ ᠭᠠᠳᠠᠨᠠᠬᠢ ᠲᠤᠰᠬᠠᠢ  ᠲᠤᠰᠢᠶᠠᠯᠲᠤ ᠵᠢᠭᠠᠬᠤ ᠶᠢ ᠰᠤᠳᠤᠯᠤᠭᠴᠢ ᠪᠠ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯᠲᠡᠨ ᠢ ᠤᠷᠢᠵᠤ ᠦᠨᠡᠯᠡᠨ ᠬᠢᠨᠠᠬᠤ ᠪᠦᠯᠭᠦᠮ ᠪᠦᠷᠢᠯᠳᠦᠭᠦᠯᠵᠦ᠂  ᠪᠠᠭᠰᠢ ᠶᠢᠨ ᠢᠯᠡᠷᠡᠯ᠂ ᠬᠤᠪᠢ ᠲᠣᠭᠲᠠᠭᠠᠬᠤ ᠪᠠᠷᠢᠮᠵᠢᠶ᠎ᠠ ᠵᠡᠷᠭᠡ ᠶᠢ ᠦᠨᠳᠦᠰᠦᠯᠡᠨ ᠲᠤᠬᠠᠢ ᠶᠢᠨ ᠲᠠᠯᠠᠪᠤᠷ ᠲᠤ ᠬᠤᠪᠢ ᠥᠭᠬᠦ ᠶᠢᠨ ᠬᠠᠮᠲᠤ ᠶᠡᠷᠦᠩᠬᠡᠶᠢᠯᠡᠭᠰᠡᠨ  ᠦᠨᠡᠯᠡᠯᠲᠡ ᠬᠢᠵᠦ ᠪᠠᠶᠢᠨ᠎ᠠ᠃ ᠡᠨᠡ ᠤᠳᠠᠭ᠎ᠠ ᠶᠢᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠳᠤ ᠤᠷᠠᠨ ᠪᠢᠴᠢᠯᠭᠡ ᠶᠢᠨ ᠠᠭᠤᠯᠭ᠎ᠠ ᠶᠢ ᠰᠢᠨ᠎ᠡ ᠪᠠᠷ  ᠨᠡᠮᠡᠵᠦ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠬᠡᠪᠴᠢᠶ᠎ᠡ ᠶᠢ ᠪᠠᠶᠠᠯᠢᠭᠵᠢᠭᠤᠯᠵᠤ᠂ ᠤᠷᠠᠨ ᠪᠢᠴᠢᠯᠭᠡ ᠶᠢᠨ ᠪᠠᠭᠰᠢ ᠨᠠᠷ ᠲᠤ  ᠦᠢᠯᠡᠳᠦᠯᠭᠡ ᠳᠤ ᠣᠷᠤᠯᠴᠠᠬᠤ ᠪᠠ ᠥᠪᠡᠷ ᠤᠨ ᠵᠢᠭᠠᠨ ᠰᠤᠷᠭᠠᠯᠲᠠ ᠶᠢᠨ ᠠᠷᠭ᠎ᠠ ᠪᠠᠨ ᠰᠢᠯᠭᠠᠨ ᠦᠨᠡᠯᠡᠬᠦ ᠲᠠᠪᠴᠠᠩ ᠣᠯᠭᠤᠭᠰᠠᠨ ᠪᠠᠶᠢᠨ᠎ᠠ᠃        ᠦᠵᠡᠭᠦᠯᠭᠡ ᠶᠢᠨ ᠬᠤᠭᠤᠴᠠᠭᠠᠨ ᠳᠤ᠂ ᠳᠠᠭᠤᠤ ᠬᠥᠭᠵᠢᠮ᠂ ᠤᠷᠠᠨ ᠵᠢᠷᠤᠭ᠂ ᠤᠷᠠᠨ ᠪᠢᠴᠢᠯᠭᠡ ᠶᠢᠨ ᠬᠢᠴᠢᠶᠡᠯ ᠲᠥᠷᠥᠯ ᠤᠨ ᠪᠠᠭᠰᠢ ᠨᠠᠷ ᠥᠪᠡᠷ  ᠥᠪᠡᠷ ᠤᠨ ᠣᠨᠴᠠᠯᠢᠭ ᠪᠦᠬᠦᠢ ᠭᠤᠶᠢᠳᠠ ᠰᠠᠶᠢᠬᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠᠷ ︽ᠭᠤᠸ᠎ᠠ ᠰᠠᠶᠢᠬᠠᠨ ᠢᠶᠠᠷ ᠬᠥᠮᠥᠨ᠋ ᠢ ᠬᠥᠮᠥᠵᠢᠭᠦᠯᠬᠦ᠂  ᠭᠤᠸ᠎ᠠ ᠰᠠᠶᠢᠬᠠᠨ ᠢᠶᠠᠷ ᠬᠥᠮᠥᠨ ᠢ ᠱᠤᠭᠤᠬᠤ︾ ᠭᠤᠸ᠎ᠠ ᠰᠠᠶᠢᠬᠠᠨ ᠤ ᠬᠥᠮᠦᠵᠢᠯ ᠤᠨ ᠣᠶᠢᠯᠠᠭᠠᠭᠳᠠᠬᠤᠨ ᠢ ᠪᠣᠳᠠᠲᠠᠶᠢᠵᠢᠭᠤᠯᠤᠨ ᠲᠠᠶᠢᠯᠪᠤᠷᠢᠯᠠᠪᠠ᠃ ᠠᠵᠢᠯᠯᠠᠭ᠎ᠠ ᠨᠢ  ᠤᠷᠠᠯᠢᠭ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠤᠷᠠᠯᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ  ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃   
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ