ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ᠣᠶᠤᠨᠲᠤ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠬᠠᠮᠲᠤ ᠶᠢᠨ ᠴᠣᠭᠴᠠ ᠶᠢᠨ 2024 ᠣᠨ ᠤ ᠣᠨ ᠤ ᠬᠤᠷᠠᠯ ᠲᠦᠷᠦᠭᠦᠬᠡᠨ ᠥᠪᠥᠷ ᠮᠣᠩᠭᠤᠯ ᠤᠨ | ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠢᠯ ᠲᠦᠷᠦᠯ ᠤᠨ ᠨᠡᠶᠢᠭᠡᠮᠯᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠠᠮᠲᠤᠷᠠᠯᠴᠠᠭᠠᠨ ᠤ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ | ᠨᠠᠷ ᠨᠢᠭᠡ ᠲᠠᠩᠬᠢᠮ ᠳᠤ ᠴᠤᠭᠯᠠᠷᠠᠵᠤ᠂ ᠦᠵᠡᠯ ᠪᠤᠳᠤᠯ ᠢᠶᠠᠨ ᠰᠣᠯᠢᠯᠴᠠᠵᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠪᠣᠯᠣᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠭᠡᠯᠪᠡᠷᠢ ᠶᠢᠨ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠰ ᠳᠡᠪᠰᠢᠬᠦ ᠪᠠ ᠲᠣᠭᠠᠴᠢᠯᠠᠭᠰᠠᠨ | ᠥᠭᠡᠷᠡᠴᠢᠯᠡᠯᠲᠡ ᠳᠤ ᠬᠦᠴᠦᠨ ᠨᠡᠮᠡᠷᠢᠯᠡᠬᠦ ᠪᠠᠷ ᠵᠣᠷᠢᠯᠲᠠ ᠪᠣᠯᠭᠠᠵᠠᠢ᠃ | ᠥᠪᠥᠷ ᠮᠣᠩᠭᠤᠯ ᠤᠨ ᠣᠶᠤᠨᠲᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠬᠠᠮᠲᠤ ᠶᠢᠨ | ᠴᠣᠭᠴᠠ 2023 ᠣᠨ ᠤ 6 ᠰᠠᠷ᠎ᠠ ᠳᠤ ᠪᠠᠶᠢᠭᠤᠯᠤᠭᠳᠠᠵᠤ᠂ ᠣᠷᠣᠨ ᠤ ᠳᠣᠲᠣᠷ᠎ᠠ ᠭᠠᠳᠠᠨᠠᠬᠢ 360 ᠭᠠᠷᠤᠢ ᠰᠠᠯᠠᠭ᠎ᠠ ᠮᠥᠴᠢᠷ᠂ ᠰᠤᠷᠭᠠᠭᠤᠯᠢ᠂ ᠠᠵᠢᠯ ᠲᠦᠷᠦᠯ᠂ | ᠠᠵᠤ ᠠᠬᠤᠶᠢᠯᠠᠯ᠂ ᠰᠤᠳᠤᠯᠭᠠᠨ ᠤ ᠨᠢᠭᠡᠴᠢ ᠪᠠᠷ ᠪᠦᠷᠢᠯᠳᠦᠵᠡᠢ᠃ ᠨᠢᠭᠡ ᠵᠢᠯ ᠤᠨ ᠲᠤᠷᠰᠢ᠂ ᠬᠠᠮᠲᠤ ᠶᠢᠨ ᠴᠣᠭᠴᠠ ᠨᠢ ᠰᠠᠨᠠᠭᠠᠴᠢᠯᠠᠭ᠎ᠠ ᠠᠴᠠ ᠪᠠᠨ ᠥᠪᠥᠷ | ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠠᠵᠤ ᠦᠢᠯᠡᠰ ᠤᠨ ᠬᠡᠯᠬᠢᠶ᠎ᠡ᠂ ᠵᠠᠬ᠎ᠠ ᠳᠡᠯᠭᠡᠭᠦᠷ ᠤᠨ ᠬᠠᠨᠳᠤᠰᠢ᠂ ᠮᠡᠷᠭᠡᠵᠢᠯ ᠤᠨ | ᠬᠤᠰᠢᠭᠤᠷᠠᠯ ᠪᠣᠯᠣᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠴᠢᠩᠭ᠎ᠠ ᠠᠩᠬᠠᠷᠴᠤ᠂ ᠰᠢᠨ᠎ᠡ ᠠᠵᠤ ᠠᠬᠤᠢ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ᠂ ᠰᠢᠨ᠎ᠡ | ᠮᠡᠷᠭᠡᠵᠢᠯ᠂ ᠰᠢᠨ᠎ᠡ ᠠᠵᠢᠯ ᠲᠦᠷᠦᠯ ᠲᠠᠢ ᠵᠤᠯᠭᠠᠯᠴᠠᠨ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠲᠡᠢ ᠠᠬᠢᠭᠤᠯᠵᠤ᠂ ᠲᠡᠭᠦᠰᠬᠦ ᠰᠤᠷᠤᠬᠴᠢᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠪᠠ᠃ | ᠲᠣᠰ ᠤᠳᠠᠭᠠᠨ ᠤ ᠬᠤᠷᠠᠯ ᠳᠤ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ | ᠬᠤᠷᠰᠢᠭᠰᠠᠨ ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠵᠠᠬᠢᠶᠠᠯᠠᠭ᠎ᠠ ᠶᠢᠨ ᠬᠠᠭᠤᠳᠠᠰᠤ ᠪᠠᠷ ᠬᠥᠮᠥᠨ ᠬᠥᠮᠥᠵᠢᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ ᠲᠤ | ᠭᠠᠷ ᠤᠨ ᠥᠰᠥᠭ ᠵᠢᠷᠤᠵᠤ᠂ ᠬᠤᠷᠰᠢᠭᠰᠠᠨ ᠰᠤᠷᠭᠠᠭᠤᠯᠢ ᠯᠤᠭ᠎ᠠ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠵᠤᠯᠭᠠᠯᠴᠠᠭᠤᠯᠤᠨ | ᠬᠥᠮᠥᠵᠢᠭᠦᠯᠬᠦ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠶᠢᠨ ᠬᠠᠮᠲᠤ᠂ ᠵᠢᠦ ᠲᠠᠢ ᠬᠢᠮᠢ ᠶᠢᠨ ᠠᠵᠤ ᠦᠢᠯᠡᠳᠪᠦᠷᠢ ᠶᠢᠨ ᠣᠶᠤᠨᠲᠤ ᠦᠢᠯᠡᠳᠬᠡᠯ ᠤᠨ ᠳᠡᠭᠡᠳᠦ | ᠰᠤᠷᠭᠠᠭᠤᠯᠢ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠵᠡᠷᠭᠡ ᠬᠤᠶᠠᠷ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠪᠠᠶᠢᠭᠤᠯᠵᠤ᠂ ᠠᠵᠢᠯ | ᠮᠡᠷᠭᠡᠵᠢᠯ ᠤᠨ ᠬᠥᠭᠵᠢᠯᠲᠡ ᠶᠢᠨ ᠰᠤᠳᠤᠯᠭᠠᠨ ᠤ ᠲᠥᠪ ᠢ ᠪᠠᠶᠢᠭᠤᠯᠵᠠᠢ᠃ ᠳᠡᠭᠡᠳᠦ ᠰᠤᠷᠭᠠᠭᠤᠯᠢ ᠨᠢ ᠪᠠᠰᠠ ᠰᠤᠷᠭᠠᠭᠤᠯᠢ ᠶᠢᠨ ᠬᠦᠷᠢᠶᠡᠨ ᠤ ᠨᠡᠭᠡᠭᠡᠯᠲᠡ ᠶᠢᠨ ᠡᠳᠦᠷ᠂ | ᠲᠤᠰᠬᠠᠢ ᠰᠡᠳᠦᠪᠲᠦ ᠲᠠᠶᠢᠯᠤᠮᠵᠢ᠂ ᠶᠠᠷᠢᠯᠴᠠᠭᠠᠨ ᠤ ᠲᠠᠪᠴᠠᠩ᠂ ᠰᠤᠳᠤᠯᠤᠨ ᠶᠠᠷᠢᠯᠴᠠᠬᠤ ᠬᠤᠷᠠᠯ᠂ ᠠᠵᠢᠯᠲᠠᠨ ᠤᠷᠢᠵᠤ ᠡᠯᠰᠡᠬᠦ ᠬᠤᠷᠠᠯ ᠵᠡᠷᠭᠡ ᠠᠯᠢ ᠣᠯᠠᠨ | ᠠᠵᠢᠯᠯᠠᠭ᠎ᠠ ᠶᠢ ᠲᠣᠬᠢᠷᠠᠭᠤᠯᠵᠤ᠂ ᠡᠯ᠎ᠡ ᠲᠠᠯ᠎ᠠ ᠶᠢᠨ ᠲᠥᠯᠥᠭᠡᠯᠡᠭᠴᠢᠳ ᠲᠤ ᠭᠦᠢᠴᠡᠳ ᠰᠣᠯᠢᠯᠴᠠᠬᠤ ᠲᠣᠭᠢᠶᠠᠯ ᠪᠠ ᠲᠠᠪᠴᠠᠩ ᠣᠯᠭᠤᠵᠤ᠂ ᠥᠪᠡᠷᠲᠡᠭᠡᠨ ᠵᠠᠰᠠᠬᠤ | ᠣᠷᠣᠨ ᠤ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠤᠨ ᠰᠢᠨ᠎ᠡ ᠠᠷᠭ᠎ᠠ ᠵᠠᠮ ᠢ | ᠬᠠᠮᠲᠤ ᠪᠠᠷ ᠬᠠᠶᠢᠨ ᠰᠦᠪᠡᠭᠴᠢᠯᠡᠵᠦ᠂ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠪᠡ᠃ | | |