ᠲᠠᠮᠢᠷ ᠤᠨ ᠬᠢᠴᠢᠶᠡᠯ ᠢ ᠴᠢᠨᠠᠷᠯᠢᠭ ᠵᠢᠭᠠᠬᠤ ᠳᠤ ᠁
ᠨᠡᠶᠢᠲᠡᠯᠡᠭᠰᠡᠨ ᠴᠠᠭ᠄
2024/12/16
       ᠪᠠᠭ᠎ᠠ ᠰᠤᠷᠭᠠᠭᠤᠯᠢ ᠶᠢᠨ ᠱᠠᠲᠤ ᠦᠶ᠎ᠡ ᠪᠣᠯ ᠪᠠᠭᠠᠴᠤᠳ ᠬᠡᠦᠬᠡᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠦᠶ᠎ᠡ ᠪᠣᠯᠣᠨ᠎ᠠ᠃  ᠡᠷᠡᠭᠦᠯ ᠴᠢᠭᠢᠷᠠᠭ ᠪᠡᠶ᠎ᠡ ᠮᠠᠬᠠᠪᠤᠳ ᠲᠠᠢ᠂ ᠡᠷᠡᠭᠦᠯ ᠪᠦᠲᠦᠨ ᠵᠠᠩ ᠴᠢᠨᠠᠷ ᠲᠠᠢ᠂ ᠡᠷᠡᠰ ᠬᠠᠲᠠᠭᠤ ᠵᠣᠷᠢᠭ ᠰᠥᠰᠥ ᠲᠠᠢ ᠬᠡᠦᠬᠡᠳ ᠢ ᠬᠥᠮᠥᠵᠢᠭᠦᠯᠬᠦ ᠳᠤ ᠲᠠᠮᠢᠷ ᠤᠨ  ᠬᠢᠴᠢᠶᠡᠯ ᠨᠢ ᠨᠢᠭᠡᠨ ᠲᠤᠲᠠᠭᠳᠠᠵᠤ ᠪᠣᠯᠣᠰᠢ ᠦᠭᠡᠢ ᠴᠢᠬᠤᠯᠠ ᠬᠦᠴᠦᠨ ᠪᠤᠯᠬᠤ ᠶᠤᠮ᠃ ᠣᠶᠢᠷ᠎ᠠ ᠶᠢᠨ ᠵᠢᠯ ᠤᠳ ᠲᠤ ᠤᠯᠤᠰ ᠠᠴᠠ ᠪᠠᠭᠠᠴᠤᠳ ᠬᠡᠦᠬᠡᠳ ᠢ  ᠲᠠᠮᠢᠷ ᠤᠨ ᠬᠥᠳᠡᠯᠭᠡᠭᠡᠨ ᠳᠤ ᠢᠯᠡᠭᠦᠬᠡᠨ ᠣᠷᠤᠯᠴᠠᠬᠤ ᠶᠢ ᠵᠣᠷᠢᠭᠵᠢᠭᠤᠯᠵᠤ᠂ ᠰᠤᠷᠭᠠᠭᠤᠯᠢ ᠶᠢᠨ ᠲᠠᠮᠢᠷ ᠤᠨ ᠬᠢᠴᠢᠶᠡᠯ ᠤᠨ ᠪᠠᠭᠠᠴᠤᠳ ᠬᠡᠦᠬᠡᠳ ᠤᠨ ᠦᠰᠦᠨ  ᠪᠤᠶᠢᠵᠢᠯᠳᠠ ᠳᠤ ᠦᠵᠡᠭᠦᠯᠭᠦ ᠠᠴᠢ ᠦᠢᠯᠡᠳᠦᠯ ᠢ ᠨᠡᠩ ᠬᠦᠨᠳᠦᠳᠬᠡᠬᠦ ᠪᠣᠯᠤᠭᠰᠠᠨ ᠨᠢ ᠪᠠᠶᠠᠷᠯᠠᠭᠤᠰᠢᠲᠠᠢ᠃        ᠤᠯᠠᠨ ᠤ ᠮᠡᠳᠡᠭᠡᠵᠢ ᠪᠠᠷ᠂ ᠥᠩᠭᠡᠷᠡᠭᠰᠡᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠲᠠᠮᠢᠷ ᠤᠨ ᠬᠢᠴᠢᠶᠡᠯ ᠢ  ᠳᠡᠮᠡᠢ ᠴᠢᠬᠤᠯᠠᠴᠢᠯᠠᠬᠤ ᠦᠭᠡᠢ ᠦᠵᠡᠭᠳᠡᠯ ᠣᠷᠣᠰᠢᠵᠤ ᠪᠠᠶᠢᠭᠰᠠᠨ᠃ ᠬᠡᠳᠦᠶᠢᠪᠡᠷ ᠡᠳᠦᠷ ᠪᠣᠯᠭᠠᠨ ᠲᠠᠮᠢᠷ ᠤᠨ ᠬᠢᠴᠢᠶᠡᠯ ᠲᠣᠬᠢᠷᠠᠭᠤᠯᠵᠤ ᠪᠠᠶᠢᠳᠠᠭ  ᠴᠤ   ᠬᠡᠦᠬᠡᠳ ᠤᠨ ᠪᠡᠶ᠎ᠡ ᠮᠠᠬᠠᠪᠤᠳ ᠤᠨ ᠬᠥᠭᠵᠢᠯᠲᠡ ᠶᠢᠨ ᠣᠨᠴᠠᠯᠢᠭ ᠲᠤ ᠲᠣᠬᠢᠷᠠᠭᠰᠠᠨ᠂ ᠬᠡᠦᠬᠡᠳ ᠤᠨ ᠳᠤᠷ᠎ᠠ ᠰᠣᠨᠢᠷᠬᠠᠯ ᠢ ᠲᠠᠲᠠᠭᠰᠠᠨ ᠠᠭᠤᠯᠭ᠎ᠠ ᠠᠷᠠᠢ ᠬᠦᠷᠦᠯᠴᠡᠬᠦ  ᠦᠭᠡᠢ ᠪᠠᠶᠢᠳᠠᠭ᠃ ᠡᠶᠢᠨ ᠬᠦ᠂ ᠬᠡᠦᠬᠡᠳ ᠤᠨ ᠦᠰᠦᠨ ᠪᠤᠶᠢᠵᠢᠯᠳᠠ ᠶᠢᠨ ᠶᠠᠪᠤᠴᠠ ᠳᠠᠬᠢ ᠨᠢᠭᠤᠭᠳᠠᠮᠠᠯ ᠬᠦᠴᠦᠨ ᠢ ᠢᠳᠡᠪᠬᠢᠲᠡᠢ ᠲᠠᠶᠢᠴᠢᠯᠠᠵᠤ᠂ ᠲᠠᠮᠢᠷ ᠤᠨ  ᠬᠥᠳᠡᠯᠭᠡᠭᠡᠨ ᠳᠤ ᠣᠷᠤᠯᠴᠠᠬᠤ ᠤᠷᠮᠠᠰᠢᠯ ᠢ ᠨᠢ ᠬᠥᠭᠵᠢᠭᠡᠵᠦ᠂ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ ᠢ ᠤᠯᠠᠮ ᠴᠢᠨᠠᠷᠵᠢᠭᠤᠨ ᠵᠢᠭᠠᠬᠤ ᠨᠢ ᠲᠠ ᠪᠢᠳᠡᠨ ᠤ  ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠰᠡᠳᠦᠪ ᠪᠣᠯᠣᠨ᠎ᠠ᠃ ᠭᠡᠬᠦ ᠳᠡᠭᠡᠨ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ ᠢ ᠰᠠᠶᠢᠲᠤᠷ ᠵᠢᠭᠠᠬᠤ ᠳᠤ ᠳᠣᠣᠷᠠᠬᠢ  ᠬᠡᠳᠦᠨ ᠲᠠᠯ᠎ᠠ ᠶᠢ ᠠᠩᠬᠠᠷᠪᠠᠯ  ᠵᠣᠬᠢᠯᠲᠠᠢ᠃        ᠡᠩ ᠲᠡᠷᠢᠭᠦᠨ ᠳᠤ᠂ ᠥᠩᠭᠡᠷᠡᠭᠰᠡᠨ ᠤ ᠦᠵᠡᠯᠲᠡ ᠲᠠᠨᠢᠯᠲᠠ ᠪᠠᠨ ᠬᠤᠪᠢᠷᠠᠭᠤᠯᠵᠤ᠂ ᠲᠠᠮᠢᠷ ᠤᠨ ᠬᠢᠴᠢᠶᠡᠯ ᠤᠨ ᠦᠢᠯᠡᠳᠦᠯ᠂ ᠦᠨ᠎ᠡ ᠦᠷᠳᠡᠭ ᠢ ᠭᠦᠨᠵᠡᠭᠡᠢ  ᠲᠠᠨᠢᠵᠤ᠂ ᠬᠢᠴᠢᠶᠡᠯᠯᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠤᠷᠭᠠᠭᠤᠯᠢ ᠶᠢᠨ ᠨᠥᠬᠦᠴᠡᠯ ᠪᠣᠯᠣᠮᠵᠢ ᠲᠠᠢ ᠤᠶᠠᠯᠳᠤᠭᠤᠯᠵᠤ ᠵᠢᠭᠠᠨ ᠰᠤᠷᠭᠠᠯᠲᠠ ᠶᠢᠨ ᠶᠠᠰᠤ  ᠴᠢᠨᠠᠷ ᠢ ᠲᠡᠭᠡᠭᠰᠢᠯᠡᠭᠦᠯᠭᠦ ᠲᠠᠯ᠎ᠠ ᠪᠠᠷ ᠬᠦᠴᠦᠯᠡᠬᠦ ᠬᠡᠷᠡᠭᠲᠡᠢ᠃ ᠰᠤᠷᠭᠠᠭᠤᠯᠢ ᠶᠢᠨ ᠲᠠᠮᠢᠷ ᠤᠨ ᠬᠢᠴᠢᠶᠡᠯ ᠪᠣᠯ ᠬᠡᠪ ᠴᠢᠨᠠᠷ ᠤᠨ ᠰᠤᠷᠭᠠᠨ ᠬᠥᠮᠦᠵᠢᠯ ᠤᠨ ᠨᠢᠭᠡᠨ ᠭᠢᠯᠠᠰ  ᠴᠡᠭ ᠪᠣᠯᠣᠨ᠎ᠠ᠃ ᠣᠳᠣᠬᠠᠨ ᠤ ᠪᠠᠶᠢᠳᠠᠯ ᠠᠴᠠ ᠦᠵᠡᠪᠡᠯ ᠰᠤᠷᠭᠠᠭᠤᠯᠢ ᠶᠢᠨ ᠨᠥᠬᠦᠴᠡᠯ ᠪᠣᠯᠣᠮᠵᠢ᠂ ᠲᠤᠨᠤᠭ ᠲᠥᠬᠦᠭᠡᠷᠦᠮᠵᠢ ᠪᠦᠷ ᠶᠡᠬᠡᠬᠡᠨ ᠰᠠᠶᠢᠵᠢᠷᠠᠵᠠᠢ᠃  ᠡᠳᠡᠭᠡᠷ  ᠠᠰᠢᠭᠲᠠᠢ ᠨᠥᠬᠦᠴᠡᠯ ᠪᠣᠯᠣᠮᠵᠢ ᠶᠢ ᠠᠯᠳᠠᠯ ᠦᠭᠡᠢ ᠠᠳᠬᠤᠵᠤ᠂ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ ᠢ ᠤᠯᠠᠮ ᠴᠢᠨᠠᠷᠵᠢᠭᠤᠯᠬᠤ ᠲᠠᠯ᠎ᠠ ᠪᠠᠷ ᠰᠤᠳᠤᠯᠵᠤ᠂  ᠰᠢᠨ᠎ᠡ ᠶᠢ ᠡᠷᠢᠯᠬᠢᠯᠡᠵᠦ᠂ ᠰᠢᠨ᠎ᠡ ᠶᠢ ᠡᠭᠦᠳᠬᠦ ᠬᠡᠷᠡᠭᠲᠡᠢ᠃ ᠪᠠᠭ᠎ᠠ ᠰᠤᠷᠭᠠᠭᠤᠯᠢ ᠶᠢᠨ ᠱᠠᠲᠤᠨ ᠤ ᠬᠡᠦᠬᠡᠳ ᠪᠣᠯ 6 - 12 ᠨᠠᠰᠤᠨ ᠤ ᠬᠤᠭᠤᠷᠣᠨᠳᠤ ᠪᠠᠶᠢᠳᠠᠭ᠃ ᠡᠨᠡᠬᠦ  ᠴᠠᠭ ᠬᠤᠭᠤᠴᠠᠭ᠎ᠠ ᠪᠣᠯ ᠬᠡᠦᠬᠡᠳ ᠪᠠᠭᠠᠴᠤᠳ ᠤᠨ ᠪᠦᠭᠦ ᠲᠠᠯ᠎ᠠ ᠶᠢᠨ ᠬᠥᠭᠵᠢᠯᠲᠡ ᠶᠢᠨ ᠬᠠᠮᠤᠭ ᠰᠣᠷᠭᠤᠭ ᠰᠣᠳᠣᠨ ᠦᠶ᠎ᠡ ᠪᠣᠯᠣᠨ᠎ᠠ᠃ ᠡᠶᠢᠮᠦ ᠠᠴᠠ ᠡᠨᠡ ᠦᠶ᠎ᠡ ᠶᠢᠨ ᠲᠠᠮᠢᠷ ᠤᠨ ᠬᠢᠴᠢᠶᠡᠯ ᠤᠨ ᠠᠭᠤᠯᠭ᠎ᠠ ᠳᠤ ᠪᠠᠭᠠᠴᠤᠳ ᠬᠡᠦᠬᠡᠳ ᠤᠨ ᠤᠷᠮ᠎ᠠ ᠰᠡᠳᠬᠢᠯᠭᠡ ᠶᠢ ᠬᠥᠭᠵᠢᠭᠡᠬᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠬᠤ᠂ ᠴᠤᠭ  ᠵᠣᠯᠢ ᠶᠢ ᠨᠡᠮᠡᠭᠳᠡᠭᠦᠯᠬᠦ᠂ ᠪᠤᠯᠴᠢᠩ ᠤᠨ ᠢᠳᠡᠪᠬᠢ ᠴᠢᠨᠠᠷ ᠢ ᠲᠡᠭᠡᠭᠰᠢᠯᠡᠭᠦᠯᠭᠦ ᠲᠠᠯ᠎ᠠ ᠪᠠᠷ ᠠᠰᠢᠭᠲᠠᠢ ᠦᠢᠯᠡ ᠬᠥᠳᠡᠯᠭᠡᠭᠡᠨ ᠢ  ᠰᠣᠩᠭᠤᠵᠤ ᠪᠣᠯᠣᠨ᠎ᠠ᠃        ᠳᠠᠷᠠᠭᠠᠯᠠᠪᠠᠯ᠂ ᠲᠠᠮᠢᠷ ᠤᠨ ᠬᠢᠴᠢᠶᠡᠯ ᠤᠨ ᠠᠭᠤᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠪᠠᠯ ᠵᠣᠬᠢᠨ᠎ᠠ᠃ ᠲᠠᠮᠢᠷ ᠤᠨ ᠬᠢᠴᠢᠶᠡᠯ ᠢ ᠴᠢᠨᠠᠷᠯᠢᠭ ᠰᠢᠨᠵᠢᠯᠡᠬᠦ  ᠤᠬᠠᠭᠠᠨᠴᠢ ᠪᠠᠷ ᠣᠷᠣᠬᠤ ᠨᠢ ᠪᠠᠭ᠎ᠠ ᠰᠤᠷᠭᠠᠭᠤᠯᠢ ᠶᠢᠨ ᠰᠤᠷᠤᠠᠠᠴᠢᠤᠨ ᠤᠨ ᠨᠢᠭᠤᠭᠳᠠᠮᠠᠯ ᠤᠷ᠎ᠠ ᠠᠪᠢᠶᠠᠰ ᠢ ᠠᠭᠤᠳᠠᠯᠤᠨ ᠢᠯᠡᠷᠡᠭᠦᠯᠬᠦ ᠲᠤᠭᠢᠶᠠᠯ ᠪᠣᠯᠣᠨ᠎ᠠ᠃  ᠪᠡᠶ᠎ᠡ ᠶᠢᠨ ᠲᠠᠮᠢᠷ ᠤᠨ ᠲᠠᠯ᠎ᠠ ᠪᠠᠷ ᠬᠢ ᠲᠠᠯᠲᠠ ᠴᠢᠳᠠᠪᠤᠷᠢ᠂ ᠤᠷ᠎ᠠ ᠠᠪᠢᠶᠠᠰ ᠢᠶᠠᠨ ᠬᠠᠷᠠᠬᠠᠨ ᠣᠶᠢᠯᠠᠭᠠᠭ᠎ᠠ ᠦᠭᠡᠢ᠂ ᠰᠡᠷᠡᠵᠦ ᠮᠡᠳᠡᠭᠡ ᠦᠭᠡᠢ ᠬᠡᠦᠬᠡᠳ ᠤᠯᠠᠨ  ᠪᠠᠶᠢᠬᠤ ᠨᠢ ᠯᠠᠪᠲᠠᠢ᠃ ᠡᠶᠢᠮᠦ ᠠᠴᠠ ᠲᠠᠮᠢᠷ ᠤᠨ ᠬᠢᠴᠢᠶᠡᠯ ᠣᠷᠣᠬᠤ ᠶᠠᠪᠤᠴᠠ ᠳᠤ ᠲᠠᠮᠢᠷ ᠤᠨ ᠪᠠᠭᠰᠢ ᠨᠠᠷ ᠰᠤᠷᠤᠬᠴᠢᠳ ᠢᠶᠠᠨ ᠭᠢᠷᠠᠬᠠᠢ ᠠᠵᠢᠵᠤ᠂ ᠲᠡᠲᠡᠨ ᠢ  ᠤᠷᠮᠠᠰᠢᠭᠤᠯᠤᠨ ᠵᠣᠷᠢᠭᠵᠢᠭᠤᠯᠵᠤ᠂ ᠵᠥᠪ ᠢᠶᠠᠷ ᠬᠥᠲᠥᠯᠥᠨ ᠵᠢᠯᠣᠭᠤᠳᠪᠠᠯ ᠰᠤᠷᠤᠬᠴᠢᠳ ᠤᠨ ᠤᠷ᠎ᠠ ᠠᠪᠢᠶᠠᠰ ᠢ ᠪᠦᠷᠢᠨ ᠪᠠᠳᠠᠷᠠᠭᠤᠯᠵᠤ ᠴᠢᠳᠠᠬᠤ ᠶᠤᠮ᠃  ᠣᠳᠣᠬᠠᠨ ᠳᠤ ᠡᠯ᠎ᠡ ᠭᠠᠵᠠᠷ ᠡᠯ᠎ᠡ ᠰᠤᠷᠭᠠᠭᠤᠯᠢ ᠶᠢᠨ ᠲᠠᠮᠢᠷ ᠤᠨ ᠬᠢᠴᠢᠶᠡᠯ ᠨᠢ ᠪᠦᠭᠡ ᠪᠠᠷᠢᠯᠳᠤᠬᠤ᠂ ᠪᠥᠮᠪᠦᠭᠡ ᠢᠰᠬᠦᠯᠬᠦ᠂ ᠬᠤᠯᠨ ᠭᠦᠶᠦᠬᠦ᠂ ᠰᠠᠭᠰᠤᠨ ᠪᠥᠮᠪᠦᠭᠡ᠂  ᠦᠳᠦᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠪᠠᠷ ᠭᠤᠣᠯᠯᠠᠵᠤ᠂ ᠭᠡᠳᠦ ᠳᠠᠩ ᠴᠤᠯᠭᠤᠢ ᠰᠠᠨᠠᠭᠳᠠᠨ᠎ᠠ᠃ ᠦᠨᠡᠨᠳᠡᠭᠡᠨ ᠨᠡᠩ ᠪᠠᠶᠠᠯᠢᠭ ᠠᠭᠤᠯᠭ᠎ᠠ ᠲᠣᠬᠢᠷᠠᠭᠤᠯᠵᠤ᠂  ᠬᠡᠦᠬᠡᠳ ᠤᠨ ᠳᠣᠲᠣᠭᠠᠳᠤ ᠮᠡᠳᠡᠷᠡᠮᠵᠢ ᠶᠢ ᠬᠥᠭᠵᠢᠭᠦᠯᠬᠦ᠂ ᠳᠠᠯᠳᠠ ᠬᠦᠴᠦ ᠶᠢ ᠨᠢ ᠢᠯᠡᠷᠡᠭᠦᠯᠬᠦ ᠪᠠᠷ ᠴᠢᠷᠮᠠᠶᠢᠪᠠᠯ ᠵᠦᠢᠲᠡᠢ᠃ ᠡᠭᠦᠨ ᠠᠴᠠ ᠭᠠᠳᠠᠨ᠎ᠠ᠂ ᠲᠠᠮᠢᠷ ᠤᠨ  ᠪᠠᠭᠰᠢ ᠨᠠᠷ ᠪᠠᠰᠠ ᠲᠠᠮᠢᠷ ᠤᠨ ᠲᠤᠬᠠᠢ ᠤᠨᠤᠯ ᠵᠦᠢ ᠶᠢᠨ ᠮᠡᠳᠡᠯᠭᠡ ᠪᠠᠨ ᠥᠷᠭᠡᠵᠢᠭᠦᠯᠵᠦ᠂ ᠤᠤᠯ ᠤᠨ ᠬᠡᠪᠰᠢᠮᠡᠯ ᠵᠢᠭᠠᠨ ᠰᠤᠷᠭᠠᠯᠲᠠ ᠶᠢᠨ ᠤᠨᠤᠯ ᠪᠠ ᠠᠷᠭ᠎ᠠ ᠪᠠᠨ  ᠬᠤᠪᠢᠷᠠᠭᠤᠯᠵᠤ᠂ ᠲᠠᠮᠢᠷ ᠤᠨ ᠬᠢᠴᠢᠶᠡᠯ ᠤᠨ ᠴᠢᠬᠤᠯᠠ ᠴᠢᠨᠠᠷ ᠢ ᠰᠤᠷᠤᠬᠴᠢᠳ ᠲᠤ ᠣᠶᠢᠯᠠᠭᠠᠭᠤᠯᠬᠤ ᠬᠡᠷᠡᠭᠲᠡᠢ᠃        ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠯᠡᠭᠦᠬᠡᠨ ᠣᠷᠤᠯᠴᠠᠬᠤ ᠪᠣᠯ ᠬᠡᠦᠬᠡᠳ ᠤᠨ ᠡᠷᠡᠭᠦᠯ ᠰᠠᠷᠠᠭᠤᠯ ᠦᠰᠦᠨ ᠪᠣᠶᠢᠵᠢᠬᠤ ᠶᠢᠨ ᠴᠢᠬᠤᠯᠠ ᠨᠥᠬᠦᠴᠡᠯ  ᠪᠣᠯᠣᠨ᠎ᠠ᠃ ᠡᠶᠢᠮᠦ ᠠᠴᠠ ᠰᠤᠷᠭᠠᠭᠤᠯᠢ ᠪᠠ ᠪᠠᠭᠰᠢ ᠨᠠᠷ᠂ ᠭᠡᠷ ᠪᠦᠯᠢ᠂ ᠨᠡᠶᠢᠭᠡᠮ ᠨᠡᠶᠢᠳᠡ ᠠᠴᠠ ᠲᠠᠮᠢᠷ ᠤᠨ ᠬᠥᠳᠡᠯᠭᠡᠭᠡᠨ᠂ ᠲᠠᠮᠢᠷ ᠤᠨ ᠬᠢᠴᠢᠶᠡᠯ ᠤᠨ ᠠᠴᠢ  ᠦᠢᠯᠡᠳᠦᠯ ᠢ ᠭᠦᠨᠵᠡᠭᠡᠢ ᠲᠠᠨᠢᠵᠤ᠂ ᠬᠡᠦᠬᠡᠳ ᠪᠠᠭᠠᠴᠤᠳ ᠢ ᠬᠥᠲᠥᠯᠥᠨ ᠵᠣᠷᠢᠭᠵᠢᠭᠤᠯᠵᠤ ᠢᠯᠡᠭᠦᠬᠡᠨ ᠣᠷᠣᠯᠴᠠᠭᠤᠯᠵᠤ᠂ ᠲᠡᠳᠡᠨ ᠤ ᠪᠡᠶ᠎ᠡ ᠰᠡᠳᠬᠢᠴᠡ ᠶᠢᠨ  ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠬᠡᠷᠡᠭᠲᠡᠢ᠃   
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ