ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ 12 ᠰᠠᠷ᠎ᠠ ᠶᠢᠨ 21 ᠤ ᠡᠳᠦᠷ ᠬᠥᠯᠥᠨ | ᠪᠤᠶᠢᠷ ᠬᠤᠳᠠ ᠳᠤ ᠡᠬᠢᠯᠡᠨ᠎ᠡ᠃ 12 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ | ᠴᠢᠶᠠᠨ ᠪᠥᠬᠦ ᠬᠤᠲᠠ ᠶᠢᠨ ᠮᠥᠰᠥ ᠴᠠᠰᠤᠨ ᠤ ᠤᠯᠠᠷᠢᠯ ᠤᠨ ᠠᠭᠤᠷ ᠠᠮᠢᠰᠬᠤᠯ ᠢ ᠪᠣᠶ ᠪᠣᠯᠭᠠᠬᠤ ᠪᠠ ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠠᠵᠢᠯ ᠢ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠬᠥᠩ ᠹᠧᠢ ᠲᠢᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | | | | ᠵᠢᠢ ᠶᠦᠩ ᠴᠢᠶᠠᠨ ᠤᠷᠢᠳ ᠬᠤᠵᠢᠳ ᠬᠥᠯᠥᠨ ᠪᠤᠶᠢᠷ ᠤᠨ ᠨᠢᠰᠬᠡᠯ ᠤᠨ ᠪᠠᠭᠤᠳᠠᠯ᠂ ᠬᠠᠶᠢᠯᠠᠷ ᠤᠨ ᠭᠠᠯᠲᠤ ᠲᠡᠷᠭᠡᠨ ᠥᠷᠲᠡᠭᠡ ᠪᠠ ᠵᠠᠰᠠᠮᠠᠯ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠢ ᠥᠷᠲᠡᠭᠡ ᠳᠤ ᠭᠦᠨᠵᠡᠭᠡᠶᠢᠷᠡᠵᠦ᠂ ᠨᠢᠰᠬᠡᠯ ︵ᠥᠷᠲᠡᠭᠡ︶ ᠢ ᠭᠥᠯᠢᠶᠡᠨ ᠠᠪᠬᠤ ᠴᠡᠭ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠬᠥᠲᠥᠯᠥᠨ ᠵᠢᠯᠤᠭᠤᠳᠬᠤ ᠲᠡᠮᠳᠡᠭ ᠤᠨ ᠪᠠᠶᠢᠷᠢᠯᠠᠭᠤᠯᠤᠯᠲᠠ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠭᠰᠠᠨ ᠵᠡᠷᠭᠡ ᠪᠠᠶᠢᠳᠠᠯ ᠢ | ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠲᠤᠬᠠᠢ ᠶᠢᠨ | ᠲᠠᠯᠠᠪᠠᠶ ᠳᠤ ᠬᠠᠯᠠᠨ ᠰᠠᠶᠢᠵᠢᠷᠠᠭᠤᠯᠬᠤ ᠰᠠᠨᠠᠯ ᠢᠶᠠᠨ ᠳᠤᠷᠠᠳᠪᠠ᠃ ᠲᠡᠷᠡ᠂ ᠣᠳᠣᠬᠠᠨ ᠳᠤ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ | ᠲᠦᠮᠡᠨᠴᠢ ᠮᠥᠰᠥ ᠴᠠᠰᠤᠨ ᠤ ᠤᠯᠠᠷᠢᠯ ᠵᠢᠩᠬᠢᠨᠢ ᠪᠠᠷ ᠡᠬᠢᠯᠡᠬᠦ ᠠᠴᠠ ᠵᠥᠪᠬᠡᠨ ᠨᠢᠭᠡ ᠭᠠᠷᠠᠭ ᠤᠨ ᠴᠠᠭ ᠦᠯᠡᠳᠡᠵᠦ᠂ ᠡᠯ᠎ᠡ ᠵᠦᠢᠯ ᠤᠨ ᠪᠡᠯᠡᠳᠬᠡᠯ ᠠᠵᠢᠯ ᠨᠢᠭᠡᠨᠲᠡ | ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠪᠠ᠃ ︽ᠨᠢᠭᠡ ᠲᠠᠯᠠᠪᠤᠷ ᠬᠤᠶᠠᠷ ᠥᠷᠲᠡᠭᠡ︾ ᠨᠢ ᠬᠤᠲᠠ ᠶᠢᠨ ᠴᠢᠬᠤᠯᠠ ᠴᠣᠩᠬᠤᠪᠴᠢ ᠪᠣᠯᠤᠭᠰᠠᠨ ᠤ | ᠬᠤᠪᠢ ᠳᠤ᠂ ᠣᠷᠣᠨ ᠵᠠᠢ ᠶᠢᠨ ᠡᠬᠢ ᠪᠠᠶᠠᠯᠢᠭ ᠢ ᠨᠠᠷᠢᠨ ᠨᠢᠮᠪᠠᠢ ᠲᠥᠯᠥᠪᠵᠢᠭᠦᠯᠦᠨ ᠵᠦᠢ ᠵᠣᠬᠢᠰᠲᠠᠢ ᠠᠰᠢᠭᠯᠠᠵᠤ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ | ᠪᠤᠯᠤᠩ᠂ ᠦᠵᠡᠮᠵᠢ ᠶᠢᠨ ᠱᠤᠭ ᠵᠦᠴᠦᠭᠡ ᠵᠡᠷᠭᠡ ᠲᠥᠬᠦᠭᠡᠷᠦᠮᠵᠢ ᠳᠤ ᠮᠥᠰᠥ ᠴᠠᠰᠤᠨ ᠤ ᠤᠯᠠᠷᠢᠯ ᠤᠨ ᠭᠤᠣᠯ ᠰᠡᠳᠦᠪᠲᠦ ᠡᠯᠧᠮᠧᠨ᠋ᠲ ᠢ ᠠᠭᠤᠰᠤᠯᠴᠠᠭᠤᠯᠵᠤ᠂ | ᠭᠤᠶᠢᠳᠠ ᠰᠠᠶᠢᠬᠠᠨ ᠠᠵᠢᠯᠯᠠᠭ᠎ᠠ ᠶᠢᠨ ᠤᠷᠢᠳᠴᠢᠯᠠᠭᠰᠠᠨ ᠮᠡᠳᠡᠭᠡ ᠶᠢ ᠰᠠᠶᠢᠲᠤᠷ ᠬᠢᠵᠦ᠂ ᠮᠥᠰᠥ ᠴᠠᠰᠤᠨ ᠤ ᠰᠣᠶᠣᠯ ᠤᠨ ᠬᠢᠯᠠᠰ ᠴᠡᠭ ᠢ ᠤᠬᠠᠭᠤᠯᠵᠤ᠂ | ᠵᠢᠭᠤᠯᠴᠢᠯᠠᠭᠰᠠᠳ ᠲᠤ ᠮᠥᠰᠥ ᠴᠠᠰᠤᠨ ᠤ ᠤᠯᠠᠷᠢᠯ ᠤᠨ ᠬᠠᠯᠠᠭᠤᠨ ᠠᠭᠤᠷ ᠠᠮᠢᠰᠬᠤᠯ ᠢ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | | | | ᠵᠢᠢ ᠶᠦᠩ ᠴᠢᠶᠠᠨ ᠡᠷᠲᠡᠨ ᠤ ᠬᠤᠲᠠ ᠶᠢᠨ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠪᠠ 626 ᠠᠮᠲᠠᠲᠤ ᠢᠳᠡᠭᠡᠨ ᠤ | ᠵᠡᠭᠡᠯᠢ ᠶᠢᠨ ᠡᠷᠭᠢᠨ ᠲᠣᠭᠤᠷᠢᠨ ᠤ ᠬᠤᠳᠠᠯᠳᠤᠭᠠᠴᠢᠨ ᠡᠷᠦᠬᠡ ᠪᠠᠷ ᠲᠣᠭᠤᠷᠢᠨ ᠦᠵᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠤᠯᠠᠷᠢᠯ ᠤᠨ ᠬᠤᠭᠤᠴᠠᠭᠠᠨ ᠤ | ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃ ᠲᠡᠷᠡ᠂ ᠠᠵᠠ ᠲᠣᠬᠢᠶᠠᠯ ᠢ ᠠᠮᠵᠢᠵᠤ᠂ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠭᠤᠣᠯ ᠰᠡᠳᠦᠪ ᠤᠨ | ᠲᠣᠭᠤᠷᠢᠨ ᠳᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠲᠥᠪᠯᠡᠷᠡᠯ ᠤᠨ ᠦᠢᠯᠡᠳᠦᠯ ᠢ ᠰᠠᠶᠢᠲᠤᠷ ᠠᠰᠢᠭᠯᠠᠵᠤ᠂ ᠵᠤᠭᠠᠴᠠᠭᠰᠠᠳ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠᠷ ᠭᠠᠷᠤᠭ᠎ᠠ ᠪᠣᠯᠭᠠᠵᠤ᠂ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠡᠮᠬᠢ ᠴᠡᠭᠴᠡ ᠲᠠᠢ᠂ ᠡᠮᠬᠢ ᠵᠢᠷᠤᠮ ᠲᠠᠢ᠂ ᠬᠠᠯᠠᠭᠤᠮᠰᠤᠭ᠂ ᠲᠤᠰᠬᠠᠢ ᠮᠡᠷᠭᠡᠵᠢᠯ ᠤᠨ ᠳᠦᠷᠢ | ᠲᠥᠷᠬᠦ ᠪᠠᠷ ᠨᠠᠢᠮᠠᠨ ᠵᠦᠭ ᠠᠴᠠ ᠢᠷᠡᠭᠰᠡᠨ ᠵᠣᠴᠢᠳ ᠢ ᠤᠭᠲᠤᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠬᠢᠭᠡᠳ | ᠵᠢᠯᠣᠭᠤᠳᠤᠯᠭ᠎ᠠ ᠪᠠᠨ ᠴᠢᠩᠭᠠᠳᠬᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠷᠪᠠᠨ ᠨᠢᠭᠡᠳᠦᠭᠡᠷ | ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠵᠢᠴᠢ ᠲᠠᠷᠠᠭᠠᠴᠢ ᠶᠢᠨ ᠠᠵᠢᠯᠯᠠᠭ᠎ᠠ ᠶᠢ | ᠠᠮᠵᠢᠯᠲᠠ ᠲᠠᠢ ᠡᠷᠭᠢᠯᠡᠬᠦ ᠳᠤ ᠬᠡᠷᠡᠯ ᠭᠢᠯᠪᠠᠭ᠎ᠠ ᠨᠡᠮᠡᠷᠢᠯᠡᠵᠦ᠂ ᠬᠥᠯᠥᠨ ᠪᠤᠶᠢᠷ ᠤᠨ ᠰᠠᠶᠢᠨ ᠰᠠᠶᠢᠬᠠᠨ ᠳᠦᠷᠢ ᠲᠥᠷᠬᠦ ᠬᠢᠭᠡᠳ ᠮᠠᠭᠲᠠᠭᠠᠯ ᠰᠠᠶᠢᠰᠢᠶᠠᠯ ᠢ | ᠳᠡᠭᠡᠭᠰᠢᠯᠡᠭᠦᠯᠦᠨ᠂ ︽ᠤᠷᠤᠰᠴᠠ︾ ᠶᠢ ᠦᠨᠡᠨ ᠬᠦ ︽ᠦᠯᠡᠳᠡᠴᠡ︾ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃ | | | |