︽ᠲᠦᠷᠭᠡᠨ ᠬᠦᠷᠭᠡᠭᠴᠢ ᠳᠤ ᠬᠠᠯᠠᠭᠤᠨ ᠳᠤᠯᠠᠭᠠᠨ ᠦᠢᠯᠡᠴᠢᠯᠡᠭᠡ ᠬᠦᠷᠭᠡᠬᠦ ᠤᠯᠠᠷᠢᠯ︾ ᠤᠨ ᠲᠣᠬᠤᠨᠢᠭᠤᠯᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/12/19
    ᠲᠦᠷᠭᠡᠨ ᠬᠦᠷᠭᠡᠭᠴᠢ ᠶᠢ ᠬᠠᠶᠢᠷᠠᠯᠠᠨ ᠬᠠᠯᠠᠮᠵᠢᠯᠠᠬᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠲᠦᠷᠭᠡᠨ  ᠬᠦᠷᠭᠡᠭᠴᠢ ᠳᠤ ᠬᠠᠯᠠᠭᠤᠨ ᠳᠤᠯᠠᠭᠠᠨ ᠦᠢᠯᠡᠴᠢᠯᠡᠭᠡ ᠬᠦᠷᠭᠡᠬᠦ ᠤᠯᠠᠷᠢᠯ︾ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ᠣᠶᠢᠷ᠎ᠠ ᠳᠤ  ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠲᠦᠷᠭᠡᠨ ᠬᠦᠷᠭᠡᠭᠴᠢ ᠶᠢᠨ ᠨᠡᠶᠢᠭᠡᠮᠯᠢᠭ  ᠬᠠᠮᠲᠤᠷᠠᠨ ︽ᠲᠦᠷᠭᠡᠨ ᠬᠦᠷᠭᠡᠭᠴᠢ ᠳᠤ ᠬᠠᠯᠠᠭᠤᠨ ᠳᠤᠯᠠᠭᠠᠨ ᠦᠢᠯᠡᠴᠢᠯᠡᠭᠡ ᠬᠦᠷᠭᠡᠬᠦ ᠤᠯᠠᠷᠢᠯ︾ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠲᠣᠬᠤᠨᠢᠭᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠭᠦᠭᠡᠬᠤᠲᠠ ᠶᠢᠨ  ᠲᠥᠪ ᠲᠣᠪᠴᠢᠶ᠎ᠠ᠂ ᠥᠪᠥᠷ ᠮᠣᠩᠭᠤᠯ ᠤᠨ ᠢᠦᠢ ᠰᠢᠶᠠᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠮᠧᠩ ᠴᠤᠤ ᠠᠷᠠᠯᠵᠢᠶ᠎ᠠ  ᠬᠤᠳᠠᠯᠳᠤᠭᠠᠨ ᠤ ᠬᠢᠵᠠᠭᠠᠷᠲᠤ ᠺᠤᠮᠫᠠᠨᠢ ︵ᠶᠤᠸᠠᠨ ᠲᠦᠩ︶ ᠵᠡᠷᠭᠡ 8 ᠺᠤᠮᠫᠠᠨᠢ ᠳᠤ ᠬᠦᠷᠴᠦ᠂ ᠨᠢᠭᠡᠳᠦᠭᠡᠷ ᠹᠷᠤᠨᠲ ᠤᠨ ᠲᠦᠷᠭᠡᠨ ᠬᠦᠷᠭᠡᠭᠴᠢ ᠵᠡᠷᠭᠡ ᠠᠵᠢᠯᠲᠠᠨ  ᠠᠵᠢᠯᠴᠢᠨ ᠢ ᠲᠣᠬᠤᠨᠢᠭᠤᠯᠪᠠ᠃    ᠲᠣᠬᠤᠨᠢᠭᠤᠯᠬᠤ ᠳᠤᠭᠤᠶᠢᠯᠠᠩ ᠤᠨ ᠬᠢᠨ ᠲᠦᠷᠭᠡᠨ ᠬᠦᠷᠭᠡᠭᠴᠢ ᠲᠠᠢ ᠳᠣᠲᠣᠨᠣ ᠪᠠᠷ ᠶᠠᠷᠢᠯᠴᠠᠨ᠂ ︽ᠬᠤᠣᠰ ᠠᠷᠪᠠᠨ ᠨᠢᠭᠡ︾ ᠶᠢᠨ ᠬᠤᠭᠤᠴᠠᠭᠠᠨ ᠳᠠᠬᠢ  ᠠᠵᠢᠯ ᠤᠨ ᠪᠠᠶᠢᠳᠠᠯ ᠢ ᠭᠦᠨᠵᠡᠭᠡᠢ ᠣᠶᠢᠯᠠᠭᠠᠭᠰᠠᠨ ᠤ ᠳᠠᠷᠠᠭ᠎ᠠ᠂ ᠲᠡᠳᠡᠨ ᠤ ᠰᠢᠷᠭᠠᠭᠤ ᠭᠦᠳᠡᠯᠮᠦᠷᠢ ᠶᠢ ᠨᠤᠲᠠᠯᠠᠭᠰᠠᠨ ᠪᠥᠭᠡᠳ ᠲᠦᠷᠭᠡᠨ ᠬᠦᠷᠭᠡᠯᠲᠡ ᠶᠢᠨ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠠᠵᠢᠯᠯᠠᠵᠤ ᠠᠮᠠᠷᠠᠬᠤ ᠶᠢ ᠤᠶᠠᠯᠳᠤᠭᠤᠯᠬᠤ ᠶᠢ ᠠᠩᠬᠠᠷᠴᠤ᠂ ᠠᠮᠤᠷ ᠲᠦᠪᠰᠢᠨ ᠢ ᠦᠨᠡᠨ  ᠬᠦ ᠪᠠᠲᠤᠯᠠᠭᠠᠷᠠᠢ ᠭᠡᠵᠦ ᠰᠠᠨᠠᠭᠤᠯᠵᠤ᠂ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠵᠡᠢ᠃      ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠲᠠᠷᠠᠭᠠᠴᠢ ᠪᠠᠷ ︽ᠬᠠᠯᠠᠭᠤᠨ ᠳᠤᠯᠠᠭᠠᠨ  ᠦᠢᠯᠡᠴᠢᠯᠡᠭᠡ ᠬᠦᠷᠭᠡᠬᠦ ᠤᠯᠠᠷᠢᠯ︾ ᠤᠨ ᠠᠵᠢᠯᠯᠠᠭ᠎ᠠ ᠶᠢ ᠥᠷᠨᠢᠭᠦᠯᠬᠦ ᠬᠤᠭᠤᠴᠠᠭᠠᠨ ᠳᠤ᠂ ᠪᠦᠭᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠲᠦᠷᠭᠡᠨ  ᠬᠦᠷᠭᠡᠭᠴᠢ ᠶᠢᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠨᠠᠷᠢᠨ ᠨᠢᠮᠪᠠᠢ ᠣᠶᠢᠯᠠᠭᠠᠵᠤ᠂ ᠲᠦᠷᠭᠡᠨ ᠬᠦᠷᠭᠡᠭᠴᠢ ᠶᠢᠨ ᠪᠦᠯᠭᠦᠮ ᠨᠡᠶᠢᠲᠡ ᠶᠢᠨ ᠪᠣᠳᠠᠲᠠᠢ  ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠵᠢᠯᠲᠠᠨ ᠠᠵᠢᠯᠴᠢᠨ  ᠲᠦᠮᠡᠨ ᠳᠤ ᠦᠨᠡᠨᠴᠢ ᠪᠠᠷ ᠦᠢᠯᠡᠴᠢᠯᠡᠬᠦ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠶᠢ  ᠭᠦᠨᠵᠡᠭᠡᠢ ᠥᠷᠨᠢᠭᠦᠯᠵᠦ᠂ ᠲᠦᠷᠭᠡᠨ ᠬᠦᠷᠭᠡᠭᠴᠢ ᠶᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠬᠦᠴᠦᠨ ᠵᠦᠢᠯ ᠢ ᠨᠡᠶᠢᠳᠬᠡᠨ᠂  ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠠᠵᠢᠯᠲᠠᠨ ᠠᠵᠢᠯᠴᠢᠨ ᠳᠤ ᠣᠨᠣᠪᠴᠢᠲᠠᠢ ᠦᠢᠯᠡᠴᠢᠯᠡᠵᠦ᠂ ᠪᠦᠲᠦᠮᠵᠢᠲᠡᠢ ᠠᠴᠢᠶᠠᠯᠠᠪᠤᠷᠢ ᠶᠢ ᠳᠠᠰᠤᠷᠠᠯᠳᠠ  ᠦᠭᠡᠢ ᠪᠠᠶᠠᠯᠢᠭᠵᠢᠭᠤᠯᠤᠨ ᠥᠷᠭᠡᠳᠬᠡᠬᠦ ᠪᠠᠷ ᠳᠠᠮᠵᠢᠨ᠂ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡᠨ ᠤ ᠠᠵᠢᠯᠯᠠᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ  ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠷᠭᠡᠨ ᠤᠯᠠᠨ ᠲᠦᠷᠭᠡᠨ ᠬᠦᠷᠭᠡᠭᠴᠢ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠤᠷ᠎ᠠ ᠴᠢᠳᠠᠪᠤᠷᠢ ᠶᠢ ᠬᠥᠮᠥᠵᠢᠭᠦᠯᠵᠦ  ᠂ ᠪᠡᠶ᠎ᠡ ᠰᠡᠳᠬᠢᠯ ᠢ ᠬᠠᠯᠠᠮᠵᠢᠯᠠᠨ ᠬᠠᠶᠢᠷᠠᠯᠠᠵᠤ᠂ ᠡᠷᠬᠡ ᠠᠰᠢᠭ ᠢ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠢ ᠨᠡᠩ ᠰᠠᠶᠢᠲᠤᠷ  ᠪᠡᠶᠡᠯᠡᠭᠦᠯᠬᠦ ᠬᠡᠷᠡᠭᠲᠡᠢ ᠭᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ