ᠬᠤᠷᠢᠭᠠᠳ ᠡᠳᠦᠷ ᠲᠠᠢ ᠪᠣᠯ 2024 ᠣᠨ ᠥᠩᠭᠡᠷᠡᠭᠡᠳ ᠭᠠᠷᠴᠢᠬᠠᠨ᠎ᠠ᠃ | ᠣᠯᠠᠨ ᠢᠶᠠᠷ ᠢᠶᠠᠨ ᠵᠢᠯ ᠤᠨ ᠠᠮᠠᠷᠠᠯᠲᠠ ᠪᠠᠨ ᠪᠦᠷ ᠠᠪᠤᠭᠰᠠᠨ ᠦᠦ︖ | ᠵᠢᠯ ᠤᠨ ᠠᠮᠠᠷᠠᠯᠲᠠ ᠪᠠᠨ ᠠᠪᠴᠤ ᠳᠠᠭᠤᠰᠤᠭ᠎ᠠ ᠦᠭᠡᠢ ᠪᠣᠯ ᠶᠠᠭᠠᠬᠢᠬᠤ ᠪᠤᠢ︖ | ᠠᠵᠢᠯ ᠤᠨ ᠨᠢᠭᠡᠴᠢ ᠪᠠᠨ ᠰᠣᠯᠢᠭᠰᠠᠨ ᠬᠦᠮᠦᠰ ᠲᠣᠰ ᠵᠢᠯ ᠤᠨ ᠵᠢᠯ ᠤᠨ ᠠᠮᠠᠷᠠᠯᠲᠠ ᠶᠢᠨ ᠴᠢᠯᠦᠭᠡ ᠶᠢ ᠡᠳ᠋ᠯᠡᠵᠦ ᠪᠣᠯᠬᠤ ᠦᠦ︖ | ᠠᠵᠢᠯ ᠳᠠᠩᠴᠤ ᠶᠠᠭᠠᠷᠠᠤ ᠂ ᠡᠨᠡ ᠵᠢᠯ ᠤᠨ ᠵᠢᠯ ᠤᠨ ᠠᠮᠠᠷᠠᠯᠲᠠ ᠶᠢ ᠳᠠᠷᠠᠭ᠎ᠠ ᠵᠢᠯ ᠳᠤ ᠬᠠᠮᠲᠤ ᠠᠪᠴᠤ ᠪᠣᠯᠬᠤ ᠦᠦ︖ | ᠪᠢᠲᠡᠭᠡᠢ ᠶᠠᠭᠠᠷᠠ︕ ᠡᠳᠡᠭᠡᠷ ᠠᠰᠠᠭᠤᠯᠲᠠ ᠶᠢ ᠴᠢᠮ᠎ᠠ ᠳᠤ ᠨᠢᠭᠡ ᠨᠢᠭᠡ ᠪᠠᠷ ᠬᠠᠷᠢᠭᠤᠯᠵᠤ ᠥᠭᠭᠦᠶ᠎ᠡ | ᠵᠢᠯ ᠤᠨ ᠠᠮᠠᠷᠠᠯᠲᠠ ᠠᠪᠬᠤ ᠳᠤ ᠶᠠᠮᠠᠷ ᠶᠠᠮᠠᠷ ᠨᠥᠬᠦᠴᠡᠯ ᠲᠠᠢ ᠪᠣᠶ︖ | ᠠᠵᠢᠯᠲᠠᠨ ᠠᠵᠢᠯᠴᠢᠨ ᠵᠠᠯᠭᠠᠭ᠎ᠠ ᠪᠠᠷ ᠪᠦᠬᠦᠯᠢ ᠨᠢᠭᠡ ᠵᠢᠯ ᠠᠴᠠ ᠳᠡᠭᠡᠭᠰᠢ ᠠᠵᠢᠯᠯᠠᠭᠰᠠᠨ ᠪᠠᠶᠢᠪᠠᠯ᠂ ᠬᠠᠤᠯᠢ ᠶᠣᠰᠣᠭᠠᠷ ᠴᠠᠯᠢᠩ ᠲᠠᠢ ᠵᠢᠯ ᠤᠨ ᠠᠮᠠᠷᠠᠯᠲᠠ ᠶᠢ | ᠡᠳ᠋ᠯᠡᠨ᠎ᠡ᠃ ︽ᠠᠵᠢᠯᠲᠠᠨ ᠠᠵᠢᠯᠴᠢᠨ ᠤ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠳᠦᠷᠢᠮ︾ ᠳᠤ᠄ ᠨᠥᠬᠦᠴᠡᠯ ᠳᠤ ᠨᠡᠶᠢᠴᠡᠭᠰᠡᠨ ᠠᠵᠢᠯᠲᠠᠨ ᠠᠵᠢᠯᠴᠢᠨ ᠤ | ᠠᠵᠢᠯᠯᠠᠭᠰᠠᠨ ᠵᠢᠯ ᠤᠨ ᠨᠡᠶᠢᠲᠡ ᠲᠤᠭ᠎ᠠ ᠪᠠᠷ ᠬᠠᠤᠯᠢ ᠶᠣᠰᠣᠭᠠᠷ 5 ᠡᠳᠦᠷ ︵ᠠᠵᠢᠯᠯᠠᠭᠠᠳ ᠪᠦᠬᠦᠯᠢ ᠨᠢᠭᠡ ᠵᠢᠯ ᠪᠣᠯᠣᠭᠠᠳ ᠪᠦᠬᠦᠯᠢ ᠠᠷᠪᠠᠨ ᠵᠢᠯ ᠪᠣᠯᠤᠭ᠎ᠠ ᠦᠭᠡᠢ | ︶᠂ 10 ᠡᠳᠦᠷ ︵ᠠᠵᠢᠯᠯᠠᠭᠠᠳ ᠪᠦᠬᠦᠯᠢ ᠠᠷᠪᠠᠨ ᠵᠢᠯ ᠪᠣᠯᠣᠭᠠᠳ ᠪᠦᠬᠦᠯᠢ ᠬᠤᠷᠢᠨ ᠵᠢᠯ ᠪᠣᠯᠤᠭ᠎ᠠ ᠦᠭᠡᠢ︶᠂ 15 ᠡᠳᠦᠷ ︵ᠠᠵᠢᠯᠯᠠᠭᠠᠳ ᠪᠦᠬᠦᠯᠢ ᠬᠤᠷᠢᠨ | ᠵᠢᠯ ᠪᠣᠯᠣᠭᠰᠠᠨ︶ ᠤᠨ ᠴᠠᠯᠢᠩ ᠲᠠᠢ ᠵᠢᠯ ᠤᠨ ᠠᠮᠠᠷᠠᠯᠲᠠ ᠶᠢ ᠡᠳ᠋ᠯᠡᠨ᠎ᠡ ᠭᠡᠵᠦ ᠲᠣᠭᠲᠠᠭᠠᠵᠠᠢ᠃ | ᠠᠵᠢᠯ ᠰᠣᠯᠢᠭᠰᠠᠨ ᠤ ᠳᠠᠷᠠᠭ᠎ᠠ ᠰᠢᠨ᠎ᠡ ᠨᠢᠭᠡᠴᠢ ᠳᠤ ᠲᠤᠰ ᠵᠢᠯ ᠤᠨ ᠠᠮᠠᠷᠠᠯᠲᠠ ᠪᠠᠨ ᠠᠪᠴᠤ ᠪᠣᠯᠣᠨ᠎ᠠ ᠦᠦ︖ ︽ᠠᠵᠢᠯᠲᠠᠨ ᠠᠵᠢᠯᠴᠢᠨ ᠤ | ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠳᠦᠷᠢᠮ︾ ᠤᠨ ᠬᠤᠶᠠᠳᠤᠭᠠᠷ ᠵᠦᠢᠯ ᠳᠤ᠄ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ᠂ ᠬᠥᠯᠥᠰᠦᠨ ᠠᠵᠢᠯᠴᠢᠨ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ | ᠵᠡᠷᠭᠡ ᠨᠢᠭᠡᠴᠢ ᠶᠢᠨ ᠠᠵᠢᠯᠲᠠᠨ ᠠᠵᠢᠯᠴᠢᠨ ᠵᠠᠯᠭᠠᠭ᠎ᠠ ᠪᠠᠷ ᠨᠢᠭᠡ ᠵᠢᠯ ᠠᠴᠠ ᠳᠡᠭᠡᠭᠰᠢ ᠠᠵᠢᠯᠯᠠᠭᠰᠠᠨ ᠪᠠᠶᠢᠪᠠᠯ ᠴᠠᠯᠢᠩ ᠲᠠᠢ ᠵᠢᠯ ᠤᠨ ᠠᠮᠠᠷᠠᠯᠲᠠ ᠶᠢᠨ ᠴᠢᠯᠦᠭᠡ ᠶᠢ | ᠡᠳ᠋ᠯᠡᠨ᠎ᠡ ᠭᠡᠵᠦ ᠲᠣᠭᠲᠠᠭᠠᠵᠠᠢ᠃ ︽ᠲᠦᠷᠦ ᠶᠢᠨ ᠶᠠᠪᠤᠳᠠᠯ ᠤᠨ ᠬᠤᠷᠢᠶᠠᠨ ᠤ ᠬᠠᠤᠯᠢ ᠳᠦᠷᠢᠮ ᠤᠨ ᠠᠯᠪᠠᠨ ᠭᠡᠷ ᠠᠴᠠ ︿ᠠᠵᠢᠯᠲᠠᠨ ᠠᠵᠢᠯᠴᠢᠨ ᠤ | ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠳᠦᠷᠢᠮ﹀ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ ᠶᠢᠨ ᠬᠠᠷᠢᠭᠤ | ᠵᠠᠬᠢᠳᠠᠯ︾ ᠳᠤ ᠠᠮᠠᠷᠠᠯᠲᠠ ᠶᠢᠨ ᠨᠥᠬᠦᠴᠡᠯ ᠢ ᠤᠯᠠᠮ ᠨᠢᠭᠡ ᠠᠯᠬᠤᠮ ᠲᠣᠳᠣᠷᠬᠠᠢ ᠲᠣᠭᠲᠠᠭᠠᠪᠠ᠄ | ︽ᠠᠵᠢᠯᠲᠠᠨ ᠠᠵᠢᠯᠴᠢᠨ ᠤ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠳᠦᠷᠢᠮ︾ ᠤᠨ ᠬᠤᠶᠠᠳᠤᠭᠠᠷ ᠵᠦᠢᠯ ᠳᠤ ᠲᠣᠭᠲᠠᠭᠠᠭᠰᠠᠨ ︽ᠠᠵᠢᠯᠲᠠᠨ | ᠠᠵᠢᠯᠴᠢᠨ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯᠯᠠᠬᠤ︾ ᠭᠡᠳᠡᠭ ᠲᠤ ᠡᠷᠬᠡᠪᠰᠢ ᠠᠳᠠᠯᠢ ᠨᠢᠭᠡ ᠨᠢᠭᠡᠴᠢ ᠪᠠᠶᠢᠬᠤ ᠬᠡᠷᠡᠭᠲᠡᠢ ᠭᠡᠵᠦ ᠬᠢᠵᠠᠭᠠᠷᠯᠠᠭᠰᠠᠨ ᠦᠭᠡᠢ᠂ | ᠡᠶᠢᠮᠦ ᠠᠴᠠ ᠠᠵᠢᠯᠲᠠᠨ ᠠᠵᠢᠯᠴᠢᠨ ᠠᠳᠠᠯᠢ ᠨᠢᠭᠡ ᠨᠢᠭᠡᠴᠢ ᠳᠤ ᠦᠷᠭᠦᠯᠵᠢᠯᠡᠨ 1 ᠵᠢᠯ ᠠᠴᠠ ᠳᠡᠭᠡᠭᠰᠢ ᠠᠵᠢᠯᠯᠠᠭᠰᠠᠨ ᠪᠠᠶᠢᠳᠠᠯ ᠢ ᠪᠠᠭᠲᠠᠭᠠᠬᠤ ᠮᠥᠷᠲᠡᠭᠡᠨ ᠪᠠᠰᠠ | ᠠᠵᠢᠯᠲᠠᠨ ᠠᠵᠢᠯᠴᠢᠨ ᠠᠳᠠᠯᠢ ᠪᠤᠰᠤ ᠨᠢᠭᠡᠴᠢ ᠳᠤ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯᠯᠠᠭᠰᠠᠨ ᠪᠠᠶᠢᠳᠠᠯ ᠢ ᠪᠠᠭᠲᠠᠭᠠᠨ᠎ᠠ᠃ | ᠵᠢᠯ ᠤᠨ ᠠᠮᠠᠷᠠᠯᠲᠠ ᠶᠢ ᠵᠢᠯ ᠠᠯᠤᠰᠯᠠᠨ ᠠᠪᠴᠤ ᠪᠣᠯᠬᠤ ᠦᠦ︖ | ︽ᠠᠵᠢᠯᠲᠠᠨ ᠠᠵᠢᠯᠴᠢᠨ ᠤ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠳᠦᠷᠢᠮ︾ ᠤᠨ ᠲᠠᠪᠤᠳᠤᠭᠠᠷ ᠵᠦᠢᠯ ᠳᠤ᠄ ᠨᠢᠭᠡᠴᠢ ᠠᠴᠠ ᠦᠢᠯᠡᠳᠪᠦᠷᠢᠯᠡᠯ᠂ | ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠬᠦ ᠶᠢᠨ ᠬᠠᠮᠲᠤ ᠠᠵᠢᠯᠲᠠᠨ ᠠᠵᠢᠯᠴᠢᠨ ᠤ ᠬᠤᠪᠢ ᠬᠥᠮᠥᠨ ᠤ ᠬᠦᠰᠡᠯ ᠰᠠᠨᠠᠭ᠎ᠠ ᠶᠢ ᠪᠣᠳᠣᠯᠬᠢᠯᠠᠵᠤ᠂ ᠠᠵᠢᠯᠲᠠᠨ | ᠠᠵᠢᠯᠴᠢᠨ ᠤ ᠵᠢᠯ ᠤᠨ ᠠᠮᠠᠷᠠᠯᠲᠠ ᠶᠢᠨ ᠴᠢᠯᠦᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ ᠭᠡᠵᠦ ᠲᠣᠭᠲᠠᠭᠠᠵᠠᠢ᠃ | ᠵᠢᠯ ᠤᠨ ᠠᠮᠠᠷᠠᠯᠲᠠ ᠶᠢᠨ ᠴᠢᠯᠦᠭᠡ ᠶᠢ ᠨᠢᠭᠡ ᠵᠢᠯ ᠤᠨ ᠳᠣᠲᠣᠷ᠎ᠠ ᠲᠥᠪᠯᠡᠷᠡᠭᠦᠯᠦᠨ ᠲᠣᠬᠢᠷᠠᠭᠤᠯᠵᠤ ᠪᠣᠯᠣᠨ᠎ᠠ᠂ ᠬᠡᠰᠡᠭ ᠬᠤᠪᠢᠶᠠᠨ ᠲᠣᠬᠢᠷᠠᠭᠤᠯᠵᠤ ᠴᠤ | ᠪᠣᠯᠣᠨ᠎ᠠ᠂ ᠡᠩ ᠤᠨ ᠪᠠᠶᠢᠳᠠᠯ ᠳᠤ ᠵᠢᠯ ᠠᠯᠤᠰᠯᠠᠨ ᠲᠣᠬᠢᠷᠠᠭᠤᠯᠵᠤ ᠪᠣᠯᠬᠤ ᠦᠭᠡᠢ᠃ ᠨᠢᠭᠡᠴᠢ ᠨᠢ ᠦᠢᠯᠡᠳᠪᠦᠷᠢᠯᠡᠯ᠂ ᠠᠵᠢᠯ ᠤᠨ ᠣᠨᠴᠠᠯᠢᠭ ᠠᠴᠠ ᠪᠠᠨ ᠪᠣᠯᠵᠤ | ᠠᠵᠢᠯᠲᠠᠨ ᠠᠵᠢᠯᠴᠢᠨ ᠤ ᠵᠢᠯ ᠤᠨ ᠠᠮᠠᠷᠠᠯᠲᠠ ᠶᠢᠨ ᠴᠢᠯᠦᠭᠡ ᠶᠢ ᠦᠨᠡᠬᠡᠷ ᠵᠢᠯ ᠠᠯᠤᠰᠯᠠᠨ ᠲᠣᠬᠢᠷᠠᠭᠤᠯᠬᠤ ᠴᠢᠬᠤᠯᠠ ᠲᠠᠢ ᠪᠣᠯ᠂ 1 ᠵᠢᠯ ᠠᠯᠤᠰᠯᠠᠨ ᠲᠣᠬᠢᠷᠠᠭᠤᠯᠵᠤ | ᠪᠣᠯᠣᠨ᠎ᠠ᠃ | ᠨᠢᠭᠡᠴᠢ ᠨᠢ ᠦᠨᠡᠬᠡᠷ ᠠᠵᠢᠯ ᠤᠨ ᠬᠡᠷᠡᠭᠴᠡᠭᠡ ᠠᠴᠠ ᠪᠣᠯᠵᠤ ᠠᠵᠢᠯᠲᠠᠨ ᠠᠵᠢᠯᠴᠢᠨ ᠤ ᠵᠢᠯ ᠤᠨ ᠠᠮᠠᠷᠠᠯᠲᠠ ᠶᠢᠨ ᠴᠢᠯᠦᠭᠡ ᠶᠢ ᠲᠣᠬᠢᠷᠠᠭᠤᠯᠵᠤ ᠳᠡᠶᠢᠯᠬᠦ ᠦᠭᠡᠢ | ᠪᠣᠯ ᠠᠵᠢᠯᠲᠠᠨ ᠠᠵᠢᠯᠴᠢᠨ ᠲᠤᠰ ᠬᠥᠮᠥᠨ ᠲᠠᠢ ᠵᠥᠪᠳᠡᠨ ᠵᠥᠪᠰᠢᠶᠡᠷᠡᠭᠦᠯᠦᠭᠡᠳ ᠠᠵᠢᠯᠲᠠᠨ ᠠᠵᠢᠯᠴᠢᠨ ᠤ ᠵᠢᠯ ᠤᠨ ᠠᠮᠠᠷᠠᠯᠲᠠ ᠶᠢᠨ ᠴᠢᠯᠦᠭᠡ ᠶᠢ ᠲᠣᠬᠢᠷᠠᠭᠤᠯᠬᠤ | ᠦᠭᠡᠢ ᠪᠠᠶᠢᠵᠤ ᠪᠣᠯᠣᠨ᠎ᠠ᠃ ᠠᠵᠢᠯᠲᠠᠨ ᠠᠵᠢᠯᠴᠢᠨ ᠤ ᠠᠮᠠᠷᠠᠬᠤ ᠶᠣᠰᠣᠲᠠᠢ ᠪᠠᠶᠢᠲᠠᠯ᠎ᠠ ᠠᠮᠠᠷᠠᠭᠰᠠᠨ ᠦᠭᠡᠢ ᠵᠢᠯ ᠤᠨ ᠠᠮᠠᠷᠠᠯᠲᠠ ᠶᠢᠨ ᠡᠳᠦᠷ ᠤᠨ ᠲᠤᠭ᠎ᠠ ᠪᠠᠷ | ᠨᠢᠭᠡᠴᠢ ᠨᠢ ᠲᠤᠰ ᠠᠵᠢᠯᠲᠠᠨ ᠠᠵᠢᠯᠴᠢᠨ ᠤ ᠡᠳᠦᠷ ᠤᠨ ᠴᠠᠯᠢᠩ ᠤᠨ ᠣᠷᠣᠯᠭ᠎ᠠ ᠶᠢᠨ 300% ᠪᠠᠷ ᠵᠢᠯ ᠤᠨ ᠠᠮᠠᠷᠠᠯᠲᠠ ᠶᠢᠨ ᠴᠢᠯᠦᠭᠡᠨ ᠤ ᠴᠠᠯᠢᠩ ᠬᠥᠯᠥᠰᠦ | ᠥᠭᠬᠦ ᠬᠡᠷᠡᠭᠲᠡᠢ᠃ |