ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾  ᠠᠵᠢᠯᠯᠠᠭ᠎ᠠ ᠶᠢᠨ ᠦᠷ᠎ᠡ ᠪᠦᠲᠦᠭᠡᠯ ᠢ ︽ᠢᠯᠡ ᠪᠠᠷ ᠠᠳᠠᠯᠢᠳᠬᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/19
      12 ᠰᠠᠷ᠎ᠠ ᠶᠢᠨ 15᠎ ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ  ᠲᠦᠷᠭᠡᠳᠬᠡᠬᠦ︾ ᠠᠵᠢᠯᠯᠠᠭ᠎ᠠ ᠶᠢᠨ ᠦᠷ᠎ᠡ ᠪᠦᠲᠦᠭᠡᠯ ᠢ ︽ᠢᠯᠡ ᠪᠠᠷ ᠠᠳᠠᠯᠢᠳᠬᠠᠬᠤ︾ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠪᠡᠯᠡᠳᠬᠡᠯ  ᠤᠷᠤᠯᠳᠤᠭᠠᠨ᠂  ᠰᠢᠢᠳᠪᠦᠷᠢᠲᠦ ᠤᠷᠤᠯᠳᠤᠭᠠᠨ ᠭᠡᠬᠦ ᠬᠤᠶᠠᠷ ᠱᠠᠲᠤ ᠬᠤᠪᠢᠶᠠᠵᠤ᠂ ᠪᠡᠯᠡᠳᠬᠡᠯ ᠤᠷᠤᠯᠳᠤᠭᠠᠨ ᠳᠤ ᠴᠣᠯᠭᠤᠷᠠᠨ ᠭᠠᠷᠤᠭᠰᠠᠨ 10 ᠰᠠᠯᠠᠭ᠎ᠠ  ᠲᠠᠰᠤᠭ ᠤᠨ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠳᠤᠲᠠᠭᠤᠳᠠᠯ ᠢᠶᠠᠨ ᠨᠥᠬᠦᠪᠦᠷᠢᠯᠡᠬᠦ᠂ ᠳᠠᠪᠠᠭᠤ ᠲᠠᠯ᠎ᠠ ᠪᠠᠨ ᠳᠠᠪᠲᠠᠨ  ᠪᠣᠯᠪᠠᠰᠤᠷᠠᠭᠤᠯᠬᠤ ᠪᠣᠳᠠᠲᠠᠢ ᠠᠷᠭ᠎ᠠ ᠬᠢᠳᠡᠯ ᠪᠠ ᠦᠷ᠎ᠡ ᠪᠦᠲᠦᠮᠵᠢ ᠶᠢᠨ ᠲᠣᠭᠤᠷᠢᠨ ᠳᠤ ᠭᠤᠶᠢᠳᠠ ᠰᠠᠶᠢᠬᠠᠨ ᠤᠬᠠᠭᠤᠯᠤᠨ ᠲᠠᠶᠢᠯᠪᠤᠷᠢᠯᠠᠵᠤ᠂ ᠴᠤᠭ ᠵᠢᠪᠬᠤᠭ᠎ᠠ ᠪᠠᠨ  ᠢᠯᠡᠷᠡᠭᠦᠯᠵᠦ᠂ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠵᠦ᠂ ᠡᠷᠴᠢ ᠵᠣᠷᠢᠭ ᠢᠶᠠᠨ ᠠᠳᠠᠯᠢᠳᠬᠠᠵᠤ᠂ ᠡᠯ᠎ᠡ ᠰᠠᠯᠠᠭ᠎ᠠ ᠲᠠᠰᠤᠭ ᠤᠨ ᠵᠣᠷᠢᠭᠲᠠᠢ ᠪᠠᠷ  ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯᠯᠠᠬᠤ᠂ ᠵᠣᠷᠢᠭᠲᠠᠢ ᠪᠠᠷ ᠲᠦᠷᠦᠭᠦᠯᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ  ᠭᠦᠢᠴᠡᠳ  ᠢᠯᠡᠷᠡᠭᠦᠯᠪᠡ᠃ 
20241219-1-1.gif
         ᠲᠣᠰ ᠤᠳᠠᠭᠠᠨ ᠤ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ᠂ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠴᠠᠬᠢᠯᠭᠠᠨ ᠮᠡᠳᠡᠭᠡ ᠶᠢᠨ ᠭᠠᠵᠠᠷ ᠵᠢᠴᠢ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠢᠭᠤᠳ  ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠵᠤ ᠲᠤᠬᠠᠢ ᠶᠢᠨ ᠲᠠᠯᠠᠪᠠᠶ ᠳᠤ  ᠵᠢᠭᠠᠨ ᠵᠢᠯᠣᠭᠤᠳᠤᠭᠤᠯᠬᠤ ᠶᠢᠨ ᠬᠠᠮᠲᠤ ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠰᠢᠶᠠᠯ ᠢ ᠡᠭᠦᠷᠭᠡᠯᠡᠭᠦᠯᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ  ᠭᠡᠷ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠴᠠᠭᠠᠨ ᠰᠤᠳᠤᠯᠤᠭᠴᠢ᠂ ᠡᠯ᠎ᠡ ᠰᠠᠯᠠᠭ᠎ᠠ ᠲᠠᠰᠤᠭ ᠤᠨ ᠠᠵᠢᠯᠲᠠᠨ᠂ ᠬᠠᠶᠢᠯᠠᠷ ᠲᠣᠭᠤᠷᠢᠭ᠂ ᠡᠸᠡᠩᠬᠢ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠪᠣᠯᠣᠨ ᠬᠡᠰᠡᠭ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠯᠪᠠᠨ ᠭᠡᠷ ᠤᠨ  ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃ 
20241219-1-2.gif
       ᠵᠢᠯ ᠤᠨ ᠡᠬᠢᠨ ᠠᠴᠠ ᠨᠠᠭᠠᠰᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠ  ︽ᠤᠳᠠᠭᠠᠨ᠂ ᠪᠦᠳᠦᠭᠦᠯᠢᠭ᠂ ᠬᠡᠶᠢᠰᠪᠦᠷᠢ︾᠎ ᠶᠢᠨ ᠠᠰᠠᠭᠤᠳᠠᠯ ᠢ ᠴᠡᠭᠴᠡᠯᠡᠨ ᠵᠠᠰᠠᠬᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ  ᠳᠠᠷᠤᠭᠠᠰᠤ ᠶᠢ ᠬᠥᠩᠭᠡᠷᠡᠭᠦᠯᠬᠦ︾ ᠵᠡᠷᠭᠡ ᠣᠳᠣᠬᠠᠨ ᠤ ᠪᠣᠳᠠᠲᠠᠢ ᠠᠴᠠ ᠡᠭᠦᠰᠴᠦ᠂ 15  ᠵᠦᠢᠯ ᠤᠨ ᠠᠵᠢᠯ ᠢ ᠲᠥᠰᠥᠪᠯᠡᠨ ᠲᠣᠭᠲᠠᠭᠠᠵᠤ᠂ ᠬᠤᠲᠠ ᠶᠢᠨ  ᠵᠠᠰᠠᠭ ᠤᠨ ᠣᠷᠳᠣᠨ ᠤ ᠠᠯᠪᠠᠨ ᠭᠡᠷ ᠤᠨ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠠᠵᠢᠯᠯᠠᠭ᠎ᠠ ᠶᠢᠨ ᠭᠤᠣᠯᠳᠠᠯᠭ᠎ᠠ ᠲᠠᠢ ᠠᠭᠤᠯᠭ᠎ᠠ  ᠪᠣᠯᠭᠠᠨ ᠲᠣᠬᠢᠷᠠᠭᠤᠯᠤᠨ ᠠᠬᠢᠭᠤᠯᠪᠠ᠃ ᠡᠭᠦᠨ ᠤ ᠬᠠᠮᠲᠤ᠂ ᠨᠥᠬᠦᠴᠡᠯ ᠪᠦᠷᠢᠯᠳᠦᠭᠦᠯᠵᠦ ᠪᠠᠶᠢᠭᠠᠳ ︽ᠭᠠᠷᠴᠤ ᠶᠠᠪᠤᠵᠤ︾᠂ ᠲᠤᠬᠠᠶᠢᠯᠠᠭᠰᠠᠨ ᠠᠵᠢᠯ ᠤᠨ  ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠱᠢ ᠵᠢᠩ ᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ  ᠭᠡᠷ ᠲᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠬᠦᠷᠴᠦ ᠬᠠᠷᠢᠭᠤ  ᠮᠡᠳᠡᠭᠦᠯᠵᠦ ᠰᠠᠨᠠᠯ ᠢᠶᠠᠨ ᠰᠣᠯᠢᠯᠴᠠᠪᠠ︔ ᠵᠠᠷᠢᠮ ᠨᠢ ᠬᠠᠷᠠᠯᠲᠠ ᠲᠠᠢ ᠪᠠᠷ ︽ᠤᠷᠢᠨ ᠠᠪᠴᠢᠷᠠᠵᠤ︾᠂ ᠪᠥᠬᠦ ᠬᠤᠲᠠ ᠶᠢᠨ ᠵᠠᠰᠠᠭ ᠤᠨ ᠣᠷᠳᠣᠨ ᠤ ᠠᠯᠪᠠᠨ  ᠠᠵᠢᠯ ᠤᠨ ᠰᠢᠰᠲ᠋ᠧᠮ ᠤᠨ ︽ᠵᠢᠷᠤᠮᠵᠢᠭᠤᠯᠬᠤ᠂ ᠴᠤᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠮᠢᠶ᠎ᠠ ᠪᠦᠬᠦᠢ ᠭᠠᠵᠠᠷ ᠤᠨ ᠬᠠᠷᠢᠭᠤᠴᠠᠯᠭᠠᠲᠠᠨ ᠢ ᠤᠷᠢᠵᠤ ᠮᠠᠨ ᠤ ᠬᠤᠲᠠ ᠳᠤ ᠬᠢᠴᠢᠶᠡᠯ  ᠵᠢᠭᠠᠯᠭᠠᠵᠤ᠂ ᠪᠢᠴᠢᠭ ᠮᠠᠲ᠋ᠧᠷᠢᠶᠠᠯ ᠰᠢᠢᠳᠪᠦᠷᠢᠯᠡᠬᠦ ᠬᠤᠷᠠᠯ ᠡᠷᠭᠢᠯᠡᠬᠦ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠵᠡᠷᠭᠡ ᠲᠤᠬᠠᠶᠢᠯᠠᠭᠰᠠᠨ ᠠᠵᠢᠯ ᠤᠨ  ᠬᠡᠪ ᠴᠢᠨᠠᠷ ᠪᠠ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃  
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ