ᠠᠯᠳᠠᠨ ᠪᠠᠳᠠᠭ 1
ᠨᠡᠶᠢᠲᠡᠯᠡᠭᠰᠡᠨ ᠴᠠᠭ᠄
2024/12/2
       40 ᠵᠢᠯ ᠤᠨ ᠲᠤᠷᠰᠢ᠂ ᠪᠢᠳᠡ ᠢᠮᠠᠭᠲᠠ ᠨᠡᠶᠢᠭᠡᠮ ᠵᠢᠷᠤᠮ ᠤᠨ ᠲᠡᠷᠢᠭᠦᠨ ᠤ ᠪᠣᠯᠪᠠᠰᠤᠨ ᠰᠣᠶᠣᠯ ᠢ ᠬᠥᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ  ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠥᠮᠥᠵᠢᠭᠦᠯᠦᠨ ᠦᠢᠯᠡᠳᠦᠯᠭᠡᠵᠢᠭᠦᠯᠵᠦ᠂ ᠲᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠵᠠᠮ ᠢᠶᠠᠨ ᠤᠳᠤᠷᠢᠳᠤᠭᠤᠯᠵᠤ  ᠴᠢᠭᠯᠡᠯ ᠢᠶᠠᠨ ᠵᠢᠭᠠᠯᠭᠠᠨ᠂ ᠵᠥᠪ ᠶᠠᠷᠢᠶ᠎ᠠ ᠬᠡᠯᠡᠯᠴᠡᠭᠡ ᠪᠠᠷ ᠰᠡᠳᠬᠢᠯ ᠢ ᠨᠢᠭᠲᠠᠷᠠᠭᠤᠯᠵᠤ ᠬᠦᠴᠦᠨ ᠢᠶᠠᠨ ᠲᠥᠪᠯᠡᠷᠡᠭᠦᠯᠵᠦ᠂ ᠲᠡᠷᠢᠭᠦᠨ ᠤ ᠰᠣᠶᠣᠯ ᠢᠶᠠᠷ ᠰᠦᠭ  ᠰᠦᠨᠡᠰᠦ ᠪᠠᠨ ᠱᠤᠭᠤᠵᠤ᠂ ᠰᠢᠯᠢᠳᠡᠭ ᠪᠦᠲᠦᠭᠡᠯ ᠢᠶᠠᠷ ᠡᠷᠴᠢ ᠵᠣᠷᠢᠭ ᠢᠶᠠᠨ ᠬᠥᠪᠴᠢᠯᠡᠵᠦ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠵᠣᠷᠢᠭ  ᠰᠠᠨᠠᠭ᠎ᠠ ᠶᠢ ᠥᠷᠭᠡᠨ ᠢᠶᠠᠷ ᠪᠠᠳᠠᠷᠠᠭᠤᠯᠤᠨ᠂ ᠴᠠᠭ ᠦᠶ᠎ᠡ ᠶᠢᠨ ᠵᠢᠱᠢᠶᠡᠴᠢ᠂ ᠪᠠᠭᠠᠲᠤᠷ ᠵᠢᠱᠢᠶᠡᠴᠢ ᠲᠠᠰᠤᠷᠠᠯᠳᠠ ᠦᠭᠡᠢ ᠴᠣᠯᠭᠤᠷᠠᠵᠤ᠂ ᠰᠣᠶᠣᠯ ᠤᠷᠠᠯᠢᠭ ᠡᠳᠦᠷ ᠠᠴᠠ  ᠡᠳᠦᠷ ᠴᠡᠴᠡᠭᠯᠡᠨ ᠬᠥᠭᠵᠢᠵᠦ᠂ ᠢᠨᠲ᠋ᠧᠷ ᠰᠦᠯᠵᠢᠶ᠎ᠡ ᠮᠡᠳᠡᠭᠡ ᠵᠠᠩᠭᠢ ᠶᠢᠨ ᠦᠢᠯᠡᠰ ᠲᠦᠷᠭᠡᠨ ᠬᠥᠭᠵᠢᠵᠦ᠂ ᠪᠦᠭᠦ ᠦᠨᠳᠦᠰᠦᠲᠡᠨ ᠤ ᠬᠦᠰᠡᠯᠡᠩ ᠢᠲᠡᠭᠡᠯ ᠪᠢᠰᠢᠷᠡᠯ  ᠪᠣᠯᠣᠨ ᠰᠣᠶᠣᠯ ᠤᠨ ᠢᠲᠡᠭᠡᠯ ᠲᠠᠰᠤᠷᠠᠯᠳᠠ ᠦᠭᠡᠢ ᠴᠢᠩᠭᠠᠷᠠᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ ᠲᠤᠮᠳᠠᠳᠤ ᠶᠢᠨ ᠰᠣᠶᠣᠯ ᠤᠨ  ᠨᠥᠯᠥᠭᠡᠯᠡᠬᠦ ᠬᠦᠴᠦᠨ ᠶᠡᠭᠡ ᠪᠠᠷ ᠳᠡᠭᠡᠭᠰᠢᠯᠡᠵᠡᠢ᠃        - ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠠᠴᠠ  ᠬᠡᠰᠡᠭᠯᠡᠪᠡ ︵2018 ᠣᠨ ᠤ 12 ᠰᠠᠷ᠎ᠠ ᠶᠢᠨ 18︶           
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ