ᠠᠯᠲᠠᠨ ᠪᠠᠳᠠᠭ11
ᠨᠡᠶᠢᠲᠡᠯᠡᠭᠰᠡᠨ ᠴᠠᠭ᠄
2024/12/2
       ■ᠦᠨᠳᠦᠰᠦᠲᠡᠨ ᠤ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ  ᠲᠣᠬᠢᠷᠠᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠮᠢ ᠠᠬᠤᠢ ᠶᠢᠨ ᠪᠣᠯᠪᠠᠰᠤᠨ ᠤ  ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠨᠳᠦᠰᠦᠲᠡᠨ ᠨᠥᠬᠦᠳ ᠤᠨ ᠤᠯᠠᠨ ᠲᠦᠮᠡᠨ ᠤ ᠬᠦᠷᠲᠡᠮᠵᠢ ᠶᠢᠨ  ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃        ■ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠴᠢᠨᠠᠷ ᠰᠠᠶᠢᠲᠠᠢ ᠥᠨᠳᠥᠷ  ᠪᠦᠲᠦᠮᠵᠢᠲᠡᠢ᠂ ᠬᠥᠳᠡᠭᠡ ᠲᠣᠰᠬᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠦᠢᠯᠡᠰ ᠪᠣᠰᠬᠠᠬᠤ ᠳᠤ ᠲᠣᠬᠢᠷᠠᠮᠵᠢᠲᠠᠢ ᠪᠠᠶᠢᠵᠤ᠂ ᠮᠠᠯᠴᠢᠨ ᠲᠠᠷᠢᠶᠠᠴᠢᠨ  ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ᠃        ■ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ  ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ  ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃        ■ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠯᠤᠭᠳᠠᠬᠤᠨ ᠢ  ᠭᠦᠨᠵᠡᠭᠡᠶᠢᠷᠡᠭᠦᠯᠵᠦ᠂ ᠭᠡᠯᠪᠡᠷᠢ ᠶᠢ ᠨᠢ ᠪᠠᠶᠠᠯᠢᠭᠵᠢᠭᠤᠯᠵᠤ᠂ ᠠᠷᠭ᠎ᠠ ᠶᠢᠨ ᠰᠢᠨ᠎ᠡ ᠶᠢ ᠡᠭᠦᠳᠬᠦ ᠪᠠᠷ ᠴᠢᠷᠮᠠᠶᠢᠬᠤ ᠬᠡᠷᠡᠭᠲᠡᠢ᠃        - ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠠᠴᠠ ᠬᠡᠰᠡᠭᠯᠡᠪᠡ          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ