ᠠᠯᠳᠠᠨ ᠪᠠᠳᠠᠭ 16
ᠨᠡᠶᠢᠲᠡᠯᠡᠭᠰᠡᠨ ᠴᠠᠭ᠄
2024/12/2
        ᠳᠤᠮᠳᠠᠳᠤ ᠤᠯᠤᠰ ᠤᠨ ᠡᠬᠡ ᠭᠠᠵᠠᠷ ᠲᠤ ᠰᠠᠭᠤᠷᠢᠯᠠᠵᠤ᠂ ᠳᠤᠮᠳᠠᠳᠤ ᠶᠢᠨ ᠪᠣᠯᠪᠠᠰᠤᠨ ᠤ ᠦᠯᠢᠭᠡᠷ ᠢ ᠰᠠᠶᠢᠲᠤᠷ ᠶᠠᠷᠢᠵᠤ᠂ ᠳᠡᠯᠡᠬᠡᠢ ᠳ᠋ᠠᠬᠢᠨ ᠳᠤ  ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠳᠤᠮᠳᠠᠳᠤ ᠤᠯᠤᠰ ᠶᠠᠮᠠᠷ ᠶᠠᠩᠵᠤ ᠶᠢᠨ  ᠪᠣᠯᠪᠠᠰᠤᠨ ᠪᠠ ᠶᠠᠮᠠᠷ ᠶᠠᠩᠵᠤ ᠶᠢᠨ ᠤᠯᠤᠰ ᠪᠤᠯᠬᠤ ᠶᠢ ᠲᠣᠳᠣᠷᠬᠠᠢ ᠶᠠᠷᠢᠵᠤ᠂ ᠳᠤᠮᠳᠠᠳᠤ ᠤᠯᠤᠰ ᠤᠨ ᠣᠷᠴᠢᠯᠠᠩ ᠤᠨ ᠦᠵᠡᠯᠲᠡ᠂ ᠳᠡᠯᠡᠬᠡᠢ ᠳ᠋ᠠᠬᠢᠨ ᠤ ᠦᠵᠡᠯᠲᠡ᠂  ᠨᠡᠶᠢᠭᠡᠮ ᠤᠨ ᠦᠵᠡᠯᠲᠡ᠂ ᠶᠣᠰᠣ ᠰᠤᠷᠲᠠᠬᠤᠨ ᠤ ᠦᠵᠡᠯᠲᠡ ᠶᠢ ᠲᠣᠳᠣᠷᠬᠠᠢ ᠶᠠᠷᠢᠵᠤ᠂ ᠳᠤᠮᠳᠠᠳᠤ ᠶᠢᠨ ᠪᠣᠯᠪᠠᠰᠤᠨ ᠤ ᠥᠨᠢ ᠤᠳᠠᠭᠠᠨ ᠲᠡᠦᠬᠡ ᠪᠠ ᠰᠣᠶᠣᠯ  ᠢᠷᠭᠡᠨᠰᠢᠯ ᠤᠨ ᠠᠭᠤᠯᠤᠭᠳᠠᠬᠤᠨ ᠢ ᠢᠯᠡᠷᠡᠭᠦᠯᠵᠦ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠢ ᠣᠶᠢᠯᠠᠭᠠᠭᠤᠯᠬᠤ᠂ ᠳᠤᠮᠳᠠᠳᠤ ᠤᠯᠤᠰ ᠤᠨ ᠠᠷᠠᠳ ᠲᠦᠮᠡᠨ ᠢ  ᠣᠶᠢᠯᠠᠭᠠᠭᠤᠯᠬᠤ᠂ ᠳᠤᠮᠳᠠᠳᠤ ᠤᠯᠤᠰ ᠤᠨ ᠡᠪ ᠬᠠᠮᠲᠤ ᠨᠠᠮ ᠢ ᠣᠶᠢᠯᠠᠭᠠᠭᠤᠯᠬᠤ᠂ ᠳᠤᠮᠳᠠᠳᠤ ᠶᠢᠨ ᠦᠨᠳᠦᠰᠦᠲᠡᠨ ᠢ ᠣᠶᠢᠯᠠᠭᠠᠭᠤᠯᠬᠤ ᠬᠡᠷᠡᠭᠲᠡᠢ᠃        - ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢ ᠶᠢᠰᠦᠳᠦᠭᠡᠷ ᠤᠳᠠᠭ᠎ᠠ ᠶᠢᠨ  ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ ᠠᠴᠠ ︵2022 ᠣᠨ ᠤ 5 ᠰᠠᠷ᠎ᠠ ᠶᠢᠨ 27᠎ ᠤ ᠡᠳᠦᠷ︶   
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ