ᠸᠠᠩ ᠸᠠᠩ ᠱᠧᠩ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ  ᠵᠢᠴᠢ ᠰᠢᠷᠢᠰ ᠤᠷᠤᠯᠳᠤᠭᠠᠨ ᠤ ᠠᠵᠢᠯᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/20
       12 ᠰᠠᠷ᠎ᠠ ᠶᠢᠨ 17᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠠᠷᠪᠠᠨ ᠨᠢᠭᠡᠳᠦᠭᠡᠷ ᠬᠤᠭᠤᠴᠠᠭᠠᠨ ᠤ ᠪᠥᠬᠦ  ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠵᠢᠴᠢ ᠰᠢᠷᠢᠰ ᠤᠷᠤᠯᠳᠤᠭᠠᠨ ᠤ ᠠᠵᠢᠯᠯᠠᠭ᠎ᠠ ᠶᠢᠨ ᠪᠡᠯᠡᠳᠬᠡᠯ ᠠᠵᠢᠯ ᠢ  ᠪᠠᠶᠢᠴᠠᠭᠠᠨ ᠰᠤᠳᠤᠯᠪᠠ᠃ 
20241220-1-1.jpg
        ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠲᠣᠰ ᠭᠠᠷᠠᠭ ᠤᠨ ᠵᠢᠷᠭᠤᠭᠠᠨ ᠳᠤ ᠥᠪᠥᠷ  ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠥᠪ ᠲᠤ ᠶᠠᠪᠤᠭᠳᠠᠨ᠎ᠠ᠂ ᠸᠠᠩ ᠸᠠᠩ ᠱᠧᠩ ᠠᠳᠡ ᠢᠷᠡᠵᠦ᠂ ᠶᠣᠰᠣᠯᠠᠯ ᠤᠨ ᠲᠠᠰ ᠳᠠᠷᠠᠭᠠᠯᠠᠯ  ᠶᠣᠰᠣᠭᠠᠷ᠂ ᠵᠠᠩᠭᠢᠯᠠᠭ᠎ᠠ ᠶᠢᠨ ᠭᠤᠭᠴᠤᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠡᠯ᠎ᠡ ᠵᠦᠢᠯ ᠤᠨ ᠨᠠᠷᠢᠨ  ᠵᠦᠢᠯᠡᠰ ᠢ ᠨᠠᠷᠢᠨ  ᠨᠢᠮᠪᠠᠢ ᠦᠷᠦᠵᠦ᠂ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠲᠣᠭᠯᠠᠯᠲᠠ ᠶᠢᠨ ᠪᠣᠯᠪᠠᠰᠤᠷᠠᠯ ᠢ ᠰᠠᠶᠢᠲᠤᠷ ᠬᠢᠵᠦ᠂ ᠬᠠᠮᠤᠭ ᠤᠨ ᠰᠠᠶᠢᠨ ᠦᠷ᠎ᠡ ᠪᠦᠲᠦᠮᠵᠢ  ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠴᠠᠬᠢᠯᠭᠠᠨ ᠬᠦᠴᠦᠨ ᠤ  ᠬᠠᠩᠭᠠᠯᠭ᠎ᠠ᠂ ᠠᠮᠤᠷ ᠲᠦᠪᠰᠢᠨ ᠤ ᠬᠠᠮᠠᠭᠠᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠨᠢᠭᠡᠳᠦᠯᠲᠡᠢ  ᠲᠥᠯᠥᠪᠵᠢᠭᠦᠯᠦᠨ ᠰᠠᠶᠢᠲᠤᠷ ᠠᠳᠬᠤᠵᠤ᠂ ᠴᠠᠭ ᠢ ᠠᠮᠵᠢᠨ ᠬᠦᠷᠦᠯᠴᠡᠬᠦ ᠦᠭᠡᠢ ᠲᠠᠯ᠎ᠠ ᠪᠠ ᠳᠤᠲᠠᠭᠤᠳᠠᠯ ᠢᠶᠠᠨ ᠨᠥᠬᠦᠪᠦᠷᠢᠯᠡᠵᠦ᠂ ᠡᠬᠢᠯᠡᠯᠲᠡ ᠶᠢᠨ ᠶᠣᠰᠣᠯᠠᠯ ᠵᠢᠴᠢ  ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ 
20241220-1-2.jpg
        ᠮᠥᠰᠥ ᠴᠠᠰᠤᠨ ᠤ ᠤᠯᠠᠷᠢᠯ ᠤᠨ ᠬᠤᠭᠤᠴᠠᠭᠠᠨ ᠳᠤ ᠠᠩᠬᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠲᠠ ᠶᠢᠨ ᠬᠡᠭᠡᠷ᠎ᠡ ᠶᠢᠨ ᠴᠡᠨᠡᠯᠡᠯᠲᠡ ᠶᠢᠨ  ᠥᠷᠢᠰᠦᠯᠳᠦᠭᠡᠨ ᠤ ᠤᠷᠤᠯᠳᠤᠭᠠᠨ ᠵᠢᠴᠢ ᠮᠥᠰᠥ ᠴᠠᠰᠤᠨ ᠤ ᠰᠢᠷᠢᠰ ᠠᠵᠢᠯᠯᠠᠭ᠎ᠠ ᠶᠢ ᠡᠷᠭᠢᠯᠡᠬᠦ ᠪᠣᠯᠣᠨ᠎ᠠ᠃ ᠸᠠᠩ ᠸᠠᠩ ᠱᠧᠩ ᠠᠬᠤᠢ ᠲᠠᠯᠠᠪᠠᠢ ᠳᠤ  ᠤᠷᠤᠯᠳᠤᠭᠠᠨ ᠤ ᠵᠠᠮ ᠤᠨ ᠪᠦᠲᠦᠭᠡᠨ ᠪᠠᠶᠢᠭᠤᠯᠤᠯᠲᠠ᠂ ᠱᠤᠭᠤᠮᠠᠯ ᠤᠨ ᠦᠵᠡᠮᠵᠢ ᠪᠣᠯᠣᠨ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ ᠶᠢ ᠪᠠᠶᠢᠴᠠᠭᠠᠨ  ᠦᠵᠡᠵᠦ᠂ ᠤᠯᠠᠨ ᠲᠦᠮᠡᠨᠴᠢ ᠴᠢᠨᠠᠷ ᠢ ᠳᠤᠪᠤᠶᠢᠯᠭᠠᠵᠤ᠂ ᠬᠥᠯᠥᠨ ᠪᠤᠶᠢᠷ ᠤᠨ ᠣᠨᠴᠠᠯᠢᠭ ᠢ ᠳᠤᠪᠤᠶᠢᠯᠭᠠᠵᠤ᠂ ᠠᠵᠢᠯᠯᠠᠭ᠎ᠠ ᠶᠢᠨ ᠠᠭᠤᠯᠤᠭᠳᠠᠬᠤᠨ ᠢ ᠳᠠᠰᠤᠷᠠᠯᠳᠠ  ᠦᠭᠡᠢ ᠰᠢᠨᠡᠴᠢᠯᠡᠨ ᠪᠠᠶᠠᠯᠢᠭᠵᠢᠭᠤᠯᠵᠤ᠂ ᠨᠡᠩ ᠤᠯᠠᠨ ᠨᠡᠩ ᠰᠠᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠤᠯᠠᠨ  ᠲᠦᠮᠡᠨ ᠳᠤ ᠵᠤᠭ᠎ᠠ ᠴᠡᠩᠭᠡᠯ ᠬᠠᠩᠭᠠᠬᠤ ᠰᠠᠶᠢᠨ ᠭᠠᠵᠠᠷ ᠬᠠᠩᠭᠠᠵᠤ᠂ ᠮᠥᠰᠥ ᠴᠠᠰᠤᠨ ᠤ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠶᠢ ᠠᠬᠢᠭᠤᠯᠬᠤ  ᠬᠡᠷᠡᠭᠲᠡᠢ᠃ ᠠᠵᠤ ᠦᠢᠯᠡᠰ ᠢ ᠬᠥᠭᠵᠢᠭᠦᠯᠵᠦ ᠠᠷᠠᠳ ᠲᠤ ᠠᠰᠢᠭ ᠬᠦᠷᠲᠡᠭᠡᠬᠦ ᠶᠢ ᠴᠢᠬᠤᠯᠠᠴᠢᠯᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠣᠶᠣᠯ᠂  ᠵᠤᠭᠠᠴᠠᠯ᠂ ᠬᠡᠷᠡᠭᠯᠡᠭᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠥᠰᠥ ᠴᠠᠰᠤᠨ ᠤ ᠠᠵᠤ ᠠᠬᠤᠢ ᠶᠢᠨ ᠶᠡᠷᠦᠩᠬᠡᠶᠢᠯᠡᠭᠰᠡᠨ  ᠦᠢᠯᠡᠳᠦᠯ ᠢ ᠶᠡᠬᠡᠰᠬᠡᠬᠦ ᠬᠡᠷᠡᠭᠲᠡᠢ᠃ ᠠᠮᠤᠷ ᠲᠦᠪᠰᠢᠨ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠠᠶᠤᠯ ᠲᠦᠭᠰᠢᠭᠦᠷᠢ ᠶᠢᠨ ᠳᠠᠯᠳᠠ ᠬᠡᠮ ᠢ  ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠭᠡᠨᠡᠳᠲᠡ ᠶᠢᠨ ᠬᠡᠷᠡᠭ ᠢ ᠲᠦᠷᠭᠡᠨ ᠲᠤᠰᠬᠠᠬᠤ ᠪᠠ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠷᠤᠯᠳᠤᠭᠠᠨ ᠤ ᠶᠠᠪᠤᠴᠠ ᠳᠤ ᠭᠠᠷᠴᠤ ᠮᠡᠳᠡᠬᠦ ᠰᠠᠨᠠᠭᠠᠨ ᠳᠤ ᠦᠭᠡᠢ ᠬᠡᠷᠡᠭ ᠢ ᠪᠠᠭᠠᠰᠬᠠᠵᠤ᠂ ᠬᠤᠲᠠ ᠶᠢᠨ  ᠠᠷᠠᠳ ᠤᠨ ᠵᠢᠭᠤᠯᠴᠢᠯᠠᠭᠴᠢᠳ ᠤᠨ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
20241220-1-3.jpg
        ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠳᠤ᠂ ᠸᠠᠩ ᠸᠠᠩ ᠱᠧᠩ ᠮᠥᠰᠥ ᠴᠠᠰᠤᠨ ᠤ ᠪᠡᠶ᠎ᠡ ᠶᠢᠨ ᠲᠠᠮᠢᠷ ᠤᠨ  ᠪᠡᠯᠡᠳᠬᠡᠯ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ  ᠪᠠᠶᠢᠭᠤᠯᠤᠮᠵᠢ ᠲᠣᠭᠲᠠᠴᠠ ᠶᠢ ᠲᠦᠷᠭᠡᠨ ᠰᠤᠳᠤᠯᠤᠨ ᠲᠡᠭᠦᠯᠳᠡᠷᠵᠢᠭᠦᠯᠵᠦ᠂ ᠰᠢᠯᠢᠳᠡᠭ ᠪᠡᠯᠡᠳᠬᠡᠯ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠦᠰᠦᠨ ᠪᠣᠶᠢᠵᠢᠬᠤ ᠪᠠ  ᠳᠡᠭᠡᠭᠰᠢᠯᠡᠬᠦ ᠵᠠᠮ ᠢ ᠤᠯᠠᠮ ᠴᠢᠨᠠᠭᠰᠢᠳᠠ ᠥᠷᠭᠡᠳᠬᠡᠬᠦ ᠬᠡᠷᠡᠭᠲᠡᠢ ᠭᠡᠵᠦ ᠱᠠᠭᠠᠷᠳᠠᠪᠠ᠃        ᠸᠠᠩ ᠸᠠᠩ ᠱᠧᠩ ᠨᠢᠰᠬᠡᠯ ᠤᠨ ᠪᠠᠭᠤᠳᠠᠯ ᠪᠠ ᠵᠠᠮ ᠳᠠᠭᠠᠤ ᠭᠥᠯᠢᠶᠡᠨ ᠠᠪᠴᠤ ᠪᠠᠲᠤᠯᠠᠬᠤ ᠪᠠ ᠠᠭᠤᠷ ᠠᠮᠢᠰᠬᠤᠯ ᠢ ᠪᠣᠶ ᠪᠣᠯᠭᠠᠬᠤ ᠠᠵᠢᠯ ᠢ ᠪᠠᠶᠢᠴᠠᠭᠠᠵᠤ᠂  ᠨᠠᠷᠢᠨ ᠨᠢᠮᠪᠠᠢ ᠵᠢᠷᠤᠵᠤ ᠲᠥᠯᠥᠪᠯᠡᠨ ᠲᠣᠬᠢᠷᠠᠭᠤᠯᠵᠤ᠂ ᠬᠥᠷ ᠬᠥᠭᠵᠢᠶᠡᠨᠲᠡᠢ ᠠᠵᠢᠯᠯᠠᠭᠠᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠡᠭᠦᠨ ᠤ ᠬᠠᠮᠲᠤ ᠡᠯ᠎ᠡ  ᠵᠦᠢᠯ ᠤᠨ ᠭᠥᠯᠢᠶᠡᠨ ᠠᠪᠴᠤ ᠵᠣᠴᠢᠯᠠᠬᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠵᠣᠴᠢᠳ ᠲᠤ ᠬᠥᠯᠥᠨ ᠪᠤᠶᠢᠷ ᠲᠤ ᠮᠥᠰᠥ ᠴᠠᠰᠤᠨ ᠤ  ᠷᠢᠳᠢ ᠰᠢᠳᠢ ᠪᠠ ᠬᠠᠯᠠᠭᠤᠮᠰᠤᠭ ᠵᠣᠴᠢᠨᠰᠠᠭ ᠢ ᠮᠡᠳᠡᠷᠡᠭᠦᠯᠵᠦ᠂ ᠰᠠᠶᠢᠨ ᠰᠠᠶᠢᠬᠠᠨ ᠰᠠᠭᠤᠭᠳᠠᠯ  ᠦᠯᠡᠳᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃  
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ