︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠮᠢᠨ ᠭᠤᠣᠯ ᠪᠠᠯᠭᠠᠰᠤᠨ ᠤ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021 ︱ 2035 ᠣᠨ︶ ︵ᠲᠥᠰᠥᠯ︶︾ ᠶᠢᠨ ᠲᠥᠰᠥᠯ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2024/12/23
     ᠨᠢᠭᠡ᠂ ᠣᠷᠣᠨ ᠲᠣᠭᠠᠨ ᠤ ᠠᠬᠤᠢ ᠪᠠᠶᠢᠳᠠᠯ     ︽ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠪᠠ ᠬᠢᠨᠠᠯᠲᠠ ᠲᠠᠯᠪᠢᠨ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠤᠨ ᠵᠣᠷᠢᠭ ᠰᠠᠨᠠᠭ᠎ᠠ  ᠶᠢ ᠲᠤᠤᠱᠯᠠᠭᠤᠯᠤᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠲᠥᠯᠦᠪᠵᠢᠭᠦᠯᠭᠡ᠂ ᠬᠤᠲᠠ ᠬᠥᠳᠡᠭᠡ ᠶᠢᠨ ᠲᠥᠯᠦᠪᠵᠢᠭᠦᠯᠭᠡ ᠵᠡᠷᠭᠡ ᠣᠷᠣᠨ ᠵᠠᠢ ᠶᠢᠨ ᠲᠥᠯᠦᠪᠵᠢᠭᠦᠯᠭᠡ ᠶᠢᠨ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠶᠢ ᠪᠡᠶᠡᠯᠡᠭᠦᠯᠵᠦ᠂ ᠮᠠᠨ ᠤ ᠬᠤᠰᠢᠭᠤᠨ ᠤ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠮᠢᠨ ᠭᠤᠣᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠲᠤᠷᠠᠨ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠮᠢᠨ ᠭᠤᠣᠯ ᠪᠠᠯᠭᠠᠰᠤᠨ ‍ᠤ‌ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021 ︱ 2035 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃     ᠬᠤᠶᠠᠷ᠂ ᠠᠭᠤᠯᠭ᠎ᠠ ᠵᠢᠴᠢ ᠱᠠᠭᠠᠷᠳᠠᠯᠭ᠎ᠠ     ᠣᠳᠣᠬᠠᠨ ᠳᠤ᠂ ︽ᠲᠥᠯᠦᠪᠵᠢᠭᠦᠯᠭᠡ︾ ᠨᠢ ᠨᠢᠭᠡᠨᠲᠡ ᠲᠥᠰᠥᠯ ᠪᠣᠯᠣᠨ ᠪᠦᠷᠢᠯᠳᠦᠵᠦ᠂ ᠲᠥᠯᠦᠪᠵᠢᠭᠦᠯᠭᠡ ᠶᠢᠨ ᠶᠡᠷᠦᠩᠬᠡᠢ ᠳᠦᠷᠢᠮ᠂ ᠪᠠᠶᠢᠯᠳᠤᠬᠤ ᠪᠣᠳᠣᠯᠭ᠎ᠠ ᠬᠢᠭᠡᠳ ᠬᠠᠷᠠᠯᠲᠠ᠂ ᠣᠷᠣᠨ ᠵᠠᠢ ᠶᠢᠨ ᠪᠠᠶᠢᠷᠢᠰᠢᠯ ᠢ ᠪᠠᠶᠢᠭᠤᠯᠬᠤ᠂ ᠲᠤᠯᠭᠠᠭᠤᠷᠢᠯᠠᠯ ᠤᠨ ᠰᠢᠰᠲ᠋ᠧᠮ ᠢ ᠴᠢᠩᠭᠠᠳᠬᠠᠬᠤ᠂ ᠲᠥᠪ ᠪᠠᠯᠭᠠᠰᠤ ᠲᠣᠭᠤᠷᠢᠭ ᠤᠨ ᠲᠥᠯᠦᠪᠵᠢᠭᠦᠯᠭᠡ ᠵᠢᠴᠢ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠦᠵᠡᠢ᠃     1. ᠲᠥᠯᠦᠪᠵᠢᠭᠦᠯᠭᠡ ᠶᠢᠨ ᠶᠡᠷᠦᠩᠬᠡᠢ ᠳᠦᠷᠢᠮ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠠᠯᠪᠢᠭᠰᠠᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠎ᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠤᠨ᠂ ᠣᠷᠣᠨ ᠪᠦᠰᠡ ᠶᠢᠨ ᠣᠨᠴᠠᠯᠢᠭ ᠲᠤ ᠨᠡᠶᠢᠴᠡᠭᠰᠡᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠪᠠᠶᠢᠭᠤᠯᠵᠤ᠂ ᠣᠷᠣᠨ ᠪᠦᠰᠡ ᠵᠣᠬᠢᠴᠠᠩᠭᠤᠢ᠂ ᠬᠤᠲᠠ ᠬᠥᠳᠡᠭᠡ ᠨᠢᠭᠡ ᠴᠣᠭᠴᠠᠵᠢᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠪᠦᠬᠦ ᠣᠷᠣᠨ ᠪᠦᠰᠡ ᠶᠢᠨ ᠡᠬᠢ ᠪᠠᠶᠠᠯᠢᠭ ᠤᠨ ᠡᠯᠧᠮᠧᠨ᠋ᠲ ᠵᠢᠴᠢ ᠣᠨᠴᠠᠯᠢᠭᠲᠤ ᠳᠠᠪᠠᠭᠤᠯᠢᠭ ᠢ ᠨᠡᠶᠢᠳᠬᠡᠵᠦ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠨᠤᠲᠤᠭ ᠳᠡᠪᠢᠰᠬᠡᠷ ᠤᠨ ᠣᠷᠣᠨ ᠵᠠᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠦᠬᠦ ᠣᠷᠣᠨ ᠪᠦᠰᠡ ᠶᠢᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃       2. ᠪᠠᠶᠢᠯᠳᠤᠬᠤ ᠪᠣᠳᠣᠯᠭ᠎ᠠ ᠬᠢᠭᠡᠳ ᠬᠠᠷᠠᠯᠲᠠ     ᠢᠮᠢᠨ ᠭᠤᠣᠯ ᠪᠠᠯᠭᠠᠰᠤ ᠶᠢᠨ ᠣᠳᠣᠬᠠᠨ ᠤ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠲᠣᠰ ᠭᠠᠵᠠᠷ ᠤᠨ ᠬᠥᠭᠵᠢᠯᠲᠡ ᠶᠢᠨ ᠠᠵᠠ ᠲᠣᠬᠢᠶᠠᠯ ᠵᠢᠴᠢ ᠬᠢᠵᠠᠭᠠᠷᠯᠠᠬᠤ ᠨᠥᠬᠦᠴᠡᠯ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠢᠮᠢᠨ ᠭᠤᠣᠯ ᠪᠠᠯᠭᠠᠰᠤ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ᠄ ᠤᠯᠤᠰ ᠤᠨ ᠴᠢᠬᠤᠯᠠ ᠨᠡᠭᠦᠷᠡᠰᠦ ᠴᠠᠬᠢᠯᠭᠠᠨ ᠡᠨᠧᠷᠭᠢ ᠶᠢᠨ ᠣᠷᠴᠢᠯ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠵᠢᠵᠢᠭ ᠪᠠᠯᠭᠠᠰᠤ ᠭᠡᠵᠦ ᠲᠣᠭᠲᠠᠭᠠᠪᠠ᠃     2025 ᠣᠨ ᠳᠤ᠂ ᠪᠦᠬᠦ ᠪᠠᠯᠭᠠᠰᠤᠨ ᠤ ᠨᠤᠲᠤᠭ ᠳᠡᠪᠢᠰᠬᠡᠷ ᠤᠨ ᠣᠷᠣᠨ ᠵᠠᠢ ᠶᠢᠨ ᠨᠢᠭᠡ ᠵᠢᠷᠤᠭ ᠤᠨ ᠪᠠᠶᠢᠷᠢᠰᠢᠯ ᠢ ᠠᠩᠬ᠎ᠠ ᠠᠯᠬᠤᠮ ᠪᠠᠶᠢᠭᠤᠯᠪᠠ︔ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠰᠢᠪᠲᠤᠯᠤᠯᠲᠠ ᠭᠠᠷᠭᠠᠵᠤ᠂ ᠠᠶᠢᠯ ᠲᠣᠰᠬᠤᠨ ᠢ ᠥᠭᠡᠷᠡᠴᠢᠯᠡᠬᠦ ᠰᠢᠨ᠎ᠡ ᠵᠠᠭᠪᠤᠷ ᠢ ᠦᠨᠳᠦᠰᠦᠨ ᠳᠡᠭᠡᠨ ᠪᠣᠯᠪᠠᠰᠤᠷᠠᠩᠭᠤᠢ ᠪᠣᠯᠭᠠᠵᠤ᠂ ᠠᠮᠢ ᠠᠬᠤᠢ ᠶᠢᠨ ᠣᠷᠣᠨ ᠵᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠨᠡᠮᠡᠭᠳᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠠᠩᠬ᠎ᠠ ᠠᠯᠬᠤᠮ ᠰᠠᠶᠢᠵᠢᠷᠠᠭᠤᠯᠵᠤ᠂ ᠠᠵᠤ ᠦᠢᠯᠡᠰ ᠤᠨ ᠲᠠᠰ ᠳᠡᠪᠰᠢᠬᠦ ᠦᠷ᠎ᠡ ᠪᠦᠲᠦᠮᠵᠢ ᠶᠢ ᠢᠯᠡᠳᠲᠡ ᠪᠣᠯᠭᠠᠨ᠎ᠠ᠃ ᠠᠮᠢ ᠠᠬᠤᠢ ᠶᠢᠨ ᠬᠠᠯᠬᠠᠪᠴᠢ ᠶᠢ ᠢᠳᠡᠭ ᠢᠳᠡᠭ ᠢᠶᠠᠷ ᠪᠠᠬᠢᠵᠢᠭᠦᠯᠵᠦ᠂ ᠣᠶᠢᠲᠤ ᠭᠠᠵᠠᠷ ᠤᠨ ᠲᠠᠯᠠᠪᠠᠢ ᠬᠢᠭᠡᠳ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ ᠲᠣᠰ ᠭᠠᠵᠠᠷ ᠣᠷᠣᠨ ᠤ ᠬᠤᠪᠢᠶᠠᠷᠢᠯᠠᠨ ᠲᠣᠭᠲᠠᠭᠠᠭᠰᠠᠨ ᠲᠠᠯᠠᠪᠠᠶ ᠠᠴᠠ ᠳᠣᠣᠷ᠎ᠠ ᠪᠠᠶᠢᠯᠭᠠᠬᠤ ᠦᠭᠡᠢ᠃     2035 ᠣᠨ ᠳᠤ᠂ ᠪᠦᠬᠦ ᠪᠠᠯᠭᠠᠰᠤ ᠶᠢ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠡᠭᠦᠷᠡᠰᠦᠨ ᠤ ᠣᠷᠴᠢᠯ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠠᠭᠤᠷᠢᠰᠢᠬᠤ ᠳᠤ ᠲᠣᠬᠢᠷᠠᠮᠵᠢᠲᠠᠢ ᠵᠢᠵᠢᠭ ᠬᠤᠲᠠ ᠪᠠᠯᠭᠠᠰᠤ ᠶᠢᠨ ᠬᠡᠪ ᠳᠠᠭᠤᠷᠢᠶᠠᠯ ᠪᠠ ᠠᠵᠤ ᠦᠢᠯᠡᠳᠪᠦᠷᠢ ᠶᠢᠨ ᠰᠣᠶᠣᠯ ᠵᠤᠭᠠᠴᠠᠯ ᠤᠨ ᠴᠣᠩᠬᠤ ᠪᠣᠯᠭᠠᠨ ᠬᠦᠭᠵᠢᠭᠦᠯᠦᠨ᠎ᠡ᠃ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠰᠣᠶᠣᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢ  ᠶᠠᠪᠤᠭᠠᠨ ᠢᠶᠠᠷ15 ᠮᠢᠨᠦ᠋ᠲ ᠤᠨ ᠵᠠᠢ ᠳᠤ ᠲᠣᠬᠢᠷᠠᠭᠤᠯᠬᠤ ᠪᠦᠷᠬᠦᠴᠡ ᠶᠢᠨ ᠨᠣᠷᠮ᠎ᠠ ᠶᠢ 60% ᠳᠤ ᠬᠦᠷᠦᠭᠦᠯᠦᠨ᠎ᠡ     3. ᠣᠷᠣᠨ ᠵᠠᠢ ᠶᠢᠨ ᠪᠠᠶᠢᠷᠢᠰᠢᠯ ᠢ ᠴᠣᠭᠴᠠᠯᠠᠨ᠎ᠠ     ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠬᠠᠷᠠᠯᠲᠠ ᠶᠢᠨ ᠶᠣᠰᠣᠭᠠᠷ᠂ ᠭᠤᠷᠪᠠᠨ ᠡᠵᠡᠮᠳᠡᠬᠦ ᠱᠤᠭᠤᠮ ᠪᠠ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠲᠦᠰᠢᠭᠯᠡᠨ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠵᠡᠷᠭᠡ ᠪᠠᠶᠢᠭᠠᠯᠢ ᠶᠢᠨ ᠡᠬᠢ ᠪᠠᠶᠠᠯᠢᠭ ᠪᠠ ᠵᠠᠮ ᠬᠠᠷᠢᠯᠴᠠᠭ᠎ᠠ᠂ ᠡᠨᠧᠷᠭᠢ᠂ ᠠᠵᠤ ᠦᠢᠯᠡᠰ ᠵᠡᠷᠭᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠨᠡᠭᠡᠭᠡᠨ ᠬᠥᠭᠵᠢᠭᠦᠯᠵᠦ ᠬᠠᠮᠠᠭᠠᠯᠠᠬᠤ ᠣᠷᠣᠨ ᠪᠦᠰᠡ᠂ ᠲᠡᠩᠭᠡᠯᠢᠭ ᠪᠦᠰᠡ ᠵᠢᠴᠢ ᠴᠢᠬᠤᠯᠠ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠡᠷᠦᠩᠬᠡᠢ ᠪᠠᠶᠢᠷᠢᠰᠢᠯ ᠢ ᠰᠢᠯᠢᠳᠡᠭᠵᠢᠭᠦᠯᠦᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠠᠮᠢ ᠠᠬᠤᠢ ᠶᠢᠨ ᠬᠠᠮᠠᠭᠠᠯᠠᠯᠲᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠰᠢᠭᠤᠯᠤᠨ᠎ᠠ᠃     ︽ᠨᠢᠭᠡ ᠲᠦᠪ᠂ ᠬᠤᠶᠠᠷ  ᠭᠤᠣᠯᠳᠠᠯᠭ᠎ᠠ᠂ ᠭᠤᠷᠪᠠᠨ ᠣᠷᠣᠨ︾ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠪᠠᠶᠢᠷᠢᠰᠢᠯ ᠢ ᠪᠠᠶᠢᠭᠤᠯᠬᠤ ᠪᠠᠷ ᠳᠤᠷᠠᠳᠪᠠ︔ ᠭᠤᠷᠪᠠᠨ ᠡᠵᠡᠮᠳᠡᠯ ᠤᠨ ᠱᠤᠭᠤᠮ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ︔ ︽ᠭᠤᠣᠯ ᠪᠠᠯᠭᠠᠰᠤ ᠲᠣᠭᠤᠷᠢᠭ ︱ ᠦᠨᠳᠦᠰᠦᠨ ᠱᠠᠲᠤᠨ ᠤ ᠲᠣᠰᠬᠤᠨ︾ᠬᠤᠶᠠᠷ ᠱᠠᠲᠤᠨ ᠤ ᠪᠠᠯᠭᠠᠰᠤ ᠲᠣᠰᠬᠤᠨ ᠤ ᠰᠢᠰᠲ᠋ᠧᠮ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ︔ ᠤᠯᠤᠰ ᠤᠨ ᠨᠤᠲᠤᠭ ᠳᠡᠪᠢᠰᠬᠡᠷ ᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠤᠰᠬᠠᠢ ᠠᠵᠢᠯᠯᠠᠭ᠎ᠠ ᠵᠡᠷᠭᠡ ᠠᠭᠤᠯᠭ᠎ᠠ ᠶᠢ ᠲᠣᠳᠣᠷᠬᠠᠢ ᠪᠣᠯᠭᠠᠪᠠ᠃     4. ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠷᠠᠭᠤᠯᠤᠨ᠎ᠠ     ᠨᠢᠭᠡ ᠳᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠦᠨ᠎ᠡ᠃ ᠳᠡᠭᠡᠳᠦ ᠪᠠᠶᠢᠷᠢ ᠶᠢᠨ ᠲᠥᠯᠦᠪᠵᠢᠭᠦᠯᠭᠡ ᠶᠢᠨ ᠲᠣᠰ ᠭᠠᠵᠠᠷ ᠣᠷᠣᠨ ᠳᠠᠬᠢ ᠬᠥᠭᠵᠢᠯᠲᠡ ᠶᠢᠨ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠲᠡᠦᠬᠡ ᠰᠣᠶᠣᠯ ᠤᠨ ᠣᠨᠴᠠᠯᠢᠭ ᠪᠠ ᠬᠤᠲᠠ ᠬᠥᠳᠡᠭᠡ ᠶᠢᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠨ᠎ᠠ᠃ ︽ᠨᠢᠭᠡ ᠪᠠᠷ ᠭᠤᠣᠯ ᠪᠣᠯᠭᠠᠵᠤ ᠬᠤᠶᠠᠷ ᠢᠶᠠᠷ ᠳᠡᠳ᠋ᠯᠡᠭᠦᠯᠵᠦ ᠨᠢᠭᠡ ᠪᠠᠷ ᠲᠤᠯᠭᠠᠭᠤᠷᠢᠯᠠᠭᠤᠯᠬᠤ︾ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠤᠯᠪᠤᠭᠠᠯᠠᠨ ᠬᠥᠭᠵᠢᠭᠰᠡᠨ ᠪᠣᠬᠢᠷᠲᠤᠯ ᠦᠭᠡᠢ ᠠᠵᠤ ᠠᠬᠤᠢ ᠶᠢᠨ ᠭᠤᠣᠯ ᠴᠣᠭᠴᠠ ᠶᠢ ᠪᠦᠷᠢᠯᠳᠦᠭᠦᠯᠦᠨ᠎ᠡ᠃     ᠬᠤᠶᠠᠷ ᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠴᠢᠩᠭᠠᠳᠬᠠᠨ᠎ᠠ᠃ ᠵᠠᠮ ᠬᠠᠷᠢᠯᠴᠠᠭᠠᠨ ᠤ ᠨᠥᠬᠦᠴᠡᠯ ᠢ ᠭᠤᠣᠯᠳᠠᠯᠭ᠎ᠠ ᠲᠠᠢ ᠪᠠᠷ ᠳᠡᠭᠡᠭᠰᠢᠯᠡᠭᠦᠯᠵᠦ᠂ ᠭᠠᠳᠠᠭᠠᠳᠤ ᠲᠠᠢ ᠬᠠᠷᠢᠯᠴᠠᠬᠤ ᠴᠢᠳᠠᠪᠤᠷᠢ ᠶᠢ ᠨᠡᠮᠡᠭᠳᠡᠭᠦᠯᠦᠨ᠂ ᠣᠷᠣᠨ ᠪᠦᠰᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠵᠤ᠂ ᠪᠦᠬᠦ ᠣᠷᠣᠨ ᠪᠦᠰᠡ ᠶᠢᠨ ᠠᠵᠢᠯ ᠠᠮᠢᠳᠤᠷᠠᠯ ᠤᠨ ᠬᠦᠷᠢᠶ᠎ᠡ ᠶᠢ ᠪᠤᠢ ᠪᠣᠯᠭᠠᠨ᠎ᠠ᠃     ᠭᠤᠷᠪᠠ ᠳᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠰᠢᠯᠢᠳᠡᠭᠵᠢᠭᠦᠯᠦᠨ᠎ᠡ᠃ ᠬᠤᠲᠠ ᠬᠥᠳᠡᠭᠡ ᠶᠢᠨ ᠪᠣᠳᠠᠲᠠᠢ ᠦᠢᠯᠡᠴᠢᠯᠡᠭᠡᠨ ᠤ ᠬᠥᠮᠥᠨ ᠠᠮᠠ ᠶᠢ ᠦᠨᠳᠦᠰᠦᠯᠡᠨ᠂ ᠰᠣᠶᠣᠯ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠡᠯ᠎ᠡ ᠲᠥᠷᠥᠯ ᠤᠨ ᠲᠥᠬᠦᠭᠡᠷᠦᠮᠵᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ᠃     5. ᠰᠢᠶᠠᠩ ᠤᠨ ᠲᠤᠭᠲᠠᠯᠴᠠᠭ᠎ᠠ ᠪᠣᠰᠣ ᠪᠠᠯᠭᠠᠰᠣ ᠶᠢᠨ ᠲᠥᠯᠦᠪᠵᠢᠭᠦᠯᠭᠡ ᠶᠢ ᠲᠣᠭᠲᠠᠭᠠᠨ᠎ᠠ     ᠡᠩ ᠲᠡᠷᠢᠭᠦᠨ ᠳᠤ᠂ ᠪᠠᠯᠭᠠᠰᠤᠨ ᠤ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠣᠳᠣᠬᠢ ᠪᠠᠶᠢᠳᠠᠯ ᠤᠨ ᠪᠠᠶᠢᠭᠤᠯᠤᠭᠰᠠᠨ ᠣᠷᠣᠨ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠷᠣᠨ ᠪᠦᠰᠡ ᠶᠢᠨ ᠵᠠᠮ ᠬᠠᠷᠢᠯᠴᠠᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠶᠠᠩ ‍ᠤᠨ‌‍ᠲ᠋ᠤᠭᠲᠠᠯᠴᠠᠭ᠎ᠠ ᠪᠣᠰᠣ ᠪᠠᠯᠭᠠᠰᠤ ᠶᠢᠨ ᠬᠥᠭᠵᠢᠯᠲᠡ ᠶᠢᠨ ᠴᠢᠭᠯᠡᠯ ᠢ ᠤᠮᠠᠷᠠᠲᠤ᠂ ᠡᠮᠦᠨᠡᠲᠦ ᠬᠡᠰᠡᠭ ᠲᠡᠰᠢ ᠬᠥᠭᠵᠢᠭᠦᠯᠪᠡᠯ ᠵᠣᠬᠢᠬᠤ ᠶᠢ ᠲᠣᠭᠲᠠᠭᠠᠬᠤ ᠬᠡᠷᠡᠭᠲᠡᠢ᠃ ᠬᠡᠷᠡᠭᠯᠡᠬᠦ ᠭᠠᠵᠠᠷ ᠤᠨ ᠬᠡᠪᠴᠢᠶ᠎ᠡ ᠪᠦᠲᠦᠴᠡ ᠶᠢ ᠲᠣᠳᠣᠷᠬᠠᠶᠢᠯᠠᠵᠤ᠂ ᠣᠷᠣᠨ ᠰᠠᠭᠤᠴᠠ᠂ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ᠂ ᠵᠠᠮ ᠬᠢᠭᠡᠳ ᠵᠠᠮ ᠬᠠᠷᠢᠯᠴᠠᠭᠠᠨ ᠤ ᠲᠥᠬᠦᠭᠡᠷᠦᠮᠵᠢ᠂ ᠴᠡᠴᠡᠷᠯᠢᠭ ᠬᠢᠭᠡᠳ ᠠᠭᠤᠳᠠᠮ ᠲᠠᠯᠠᠪᠠᠶ᠂ ᠠᠵᠤ ᠦᠢᠯᠡᠰ ᠵᠡᠷᠭᠡ ᠡᠯ᠎ᠡ ᠲᠥᠷᠥᠯ ᠤᠨ ᠬᠡᠷᠡᠭᠯᠡᠬᠦ ᠭᠠᠵᠠᠷ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠣᠭᠲᠠᠭᠠᠨ᠎ᠠ᠃     ᠳᠠᠷᠠᠭᠠᠯᠠᠪᠠᠯ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠤᠨ᠎ᠠ᠃ ᠵᠠᠮ ᠤᠨ ᠲᠣᠣᠷ ᠤᠨ ᠲᠡᠰ ᠤᠨ ᠪᠦᠲᠦᠴᠡ ᠶᠢ ᠰᠢᠯᠢᠳᠡᠭᠵᠢᠭᠦᠯᠦᠨ᠂ ᠭᠤᠣᠯ ᠪᠠ ᠳᠡᠳ᠋ ᠭᠤᠣᠯ ᠵᠠᠮ ᠬᠢᠭᠡᠳ ᠠᠭᠤᠯᠵᠠᠷ ᠤᠨ ᠬᠡᠯᠪᠡᠷᠢ  ᠮᠠᠶ᠋ᠢᠭ ᠢ ᠲᠣᠭᠲᠠᠭᠠᠵᠤ᠂ ᠠᠶᠠᠨᠴᠢᠳ ᠤᠨ ᠲᠡᠭᠡᠭᠡᠪᠦᠷᠢ ᠶᠢᠨ ᠥᠷᠳᠡᠭᠡ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠠᠯᠠᠪᠤᠷ ᠪᠣᠶᠣ ᠥᠷᠳᠡᠭᠡ᠂ ᠲᠡᠷᠭᠡᠨ ᠵᠣᠭᠰᠣᠭᠠᠯ ᠵᠡᠷᠭᠡ ᠵᠠᠮ ᠬᠠᠷᠢᠯᠴᠠᠭᠠᠨ ᠤ ᠲᠥᠬᠦᠭᠡᠷᠦᠮᠵᠢ ᠶᠢ ᠵᠦᠢ ᠵᠣᠬᠢᠰᠲᠠᠢ ᠪᠠᠶᠢᠷᠢᠯᠠᠭᠤᠯᠬᠤ ᠬᠡᠷᠡᠭᠲᠡᠢ᠃     ᠭᠤᠷᠪᠠᠳᠤᠭᠠᠷ ᠲᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠢ ᠬᠦᠨᠳᠦᠳᠬᠡᠵᠦ᠂ ᠰᠠᠭᠤᠷᠢ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠮ ᠡᠮᠨᠡᠯᠭᠡ᠂ ᠰᠣᠶᠣᠯ ᠴᠡᠩᠭᠡᠯ᠂ ᠵᠠᠰᠠᠭ ᠵᠠᠬᠢᠷᠭᠠᠨ ᠤ ᠠᠯᠪᠠᠨ ᠠᠵᠢᠯ ᠵᠡᠷᠭᠡ ᠡᠯ᠎ᠡ ᠲᠦᠷᠦᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠵᠦᠢ ᠵᠣᠬᠢᠰᠲᠠᠢ ᠪᠠᠷ ᠪᠠᠶᠢᠷᠢᠯᠠᠭᠤᠯᠤᠨ᠎ᠠ᠃     ᠬᠠᠮᠤᠭ ᠤᠨ ᠰᠡᠭᠦᠯ ᠳᠤ᠂ ᠬᠤᠲᠠ ᠶᠢᠨ ᠰᠢᠨᠡᠴᠢᠯᠡᠯᠲᠡ ᠵᠢᠴᠢ ᠬᠥᠮᠥᠰ ᠤᠨ ᠣᠷᠣᠰᠢᠨ ᠰᠠᠭᠤᠬᠤ ᠶᠢ ᠴᠡᠭᠴᠡᠯᠡᠨ ᠵᠠᠰᠠᠨ᠎ᠠ᠃ ᠰᠠᠭᠤᠷᠢ ᠲᠥᠬᠦᠭᠡᠷᠦᠮᠵᠢ᠂ ᠰᠠᠭᠤᠭᠠᠯᠢ ᠠᠷᠠᠳ ᠤᠨ ᠣᠷᠣᠨ ᠰᠠᠭᠤᠴᠠ ᠵᠢᠴᠢ ᠣᠯᠠᠨ ᠨᠡᠶᠢᠲᠡ ᠶᠢᠨ ᠣᠷᠣᠨ ᠵᠠᠢ ᠳᠤ ᠰᠢᠨᠡᠳᠬᠡᠬᠦ ᠵᠢᠯᠣᠭᠤᠳᠤᠮᠵᠢ ᠳᠤᠷᠠᠳᠪᠠ᠃     6. ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠦᠨ᠎ᠡ     ᠪᠥᠬᠦ ᠴᠠᠷᠠᠭ᠎ᠠ ᠪᠠᠷ ᠬᠠᠮᠤᠷᠬᠤ᠂ ᠲᠠᠰ ᠬᠤᠪᠢᠶᠠᠨ ᠬᠠᠮᠢᠶᠠᠷᠬᠤ᠂ ᠲᠥᠷᠥᠯ ᠬᠤᠪᠢᠶᠠᠨ ᠵᠢᠯᠤᠭᠤᠳᠬᠤ ᠲᠥᠯᠦᠪᠵᠢᠭᠦᠯᠭᠡ ᠶᠢ ᠲᠣᠭᠤᠷᠪᠢᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠨᠤᠲᠤᠭ ᠳᠡᠪᠢᠰᠬᠡᠷ ᠤᠨ  ᠣᠷᠣᠨ ᠵᠠᠢ ᠶᠢᠨ ᠲᠥᠯᠦᠪᠵᠢᠭᠦᠯᠭᠡ ᠪᠠᠷ ᠡᠯ᠎ᠡ ᠲᠥᠷᠥᠯ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠲᠤᠰᠬᠠᠢ ᠵᠦᠢᠯ ᠤᠨ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ ᠵᠡᠷᠭᠡ ᠭᠤᠷᠪᠠᠨ ᠲᠥᠷᠥᠯ᠂ ︽ᠬᠤᠰᠢᠭᠤ ᠰᠢᠶᠠᠨ ︱ ᠰᠢᠶᠠᠩ ᠪᠠᠯᠭᠠᠰᠤ ᠰᠤᠮᠤ ︱ ᠠᠶᠢᠯ ᠲᠣᠰᠬᠤᠨ ᠭᠠᠴᠠᠭ᠎ᠠ︾ ᠭᠤᠷᠪᠠᠨ ᠱᠠᠲᠤᠨ ᠤ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮᠵᠢ ᠶᠢ ᠪᠣᠶ ᠪᠣᠯᠭᠠᠵᠤ᠂ ᠳᠠᠮᠵᠢᠭᠤᠯᠤᠯᠲᠠ ᠲᠣᠭᠲᠠᠴᠠ ᠶᠢ ᠪᠦᠷᠢᠨᠰᠢᠭᠦᠯᠦᠨ ᠬᠡᠷᠡᠭᠵᠢᠭᠦᠯᠦᠨ᠎ᠡ ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ