ᠶᠡᠭᠡ ᠴᠠᠰᠤ ᠪᠣᠯ ᠣᠷᠳᠣ ᠬᠤᠭᠤᠴᠠᠭ᠎ᠠ ᠪᠠᠷ ᠴᠠᠰᠤ ᠤᠷᠤᠭᠰᠠᠨ ᠠᠴᠠ ᠪᠣᠯᠵᠣ ᠶᠡᠭᠡ ᠬᠡᠪᠴᠢᠶᠡᠨ ᠤ ᠴᠠᠰᠤ ᠬᠤᠷᠠᠬᠤ ᠨᠢᠭᠡ ᠵᠦᠢᠯ ᠤᠨ ᠪᠠᠶᠢᠭᠠᠯᠢ ᠶᠢᠨ | ᠦᠵᠡᠭᠳᠡᠯ ᠪᠣᠯᠤᠨ᠎ᠠ᠂ ᠲᠡᠷᠡ ᠨᠢ ᠦᠷᠭᠦᠯᠵᠢ ᠶᠡᠭᠡ ᠰᠠᠯᠬᠢ ᠰᠠᠯᠬᠢᠯᠠᠵᠤ᠂ ᠠᠭᠤᠷ ᠠᠮᠢᠰᠬᠤᠯ ᠬᠦᠢᠳᠡᠷᠡᠵᠤ᠂ ᠬᠦᠨᠳᠦ ᠨᠣᠴᠢᠲᠠᠶ ᠦᠶ᠎ᠡ ᠳᠤ ᠵᠠᠮ ᠬᠠᠷᠢᠯᠴᠠᠭ᠎ᠠ᠂ | ᠮᠡᠳᠡᠭᠡ ᠬᠤᠯᠪᠣᠭ᠎ᠠ᠂ ᠴᠠᠬᠢᠯᠭᠠᠨ ᠬᠦᠷᠭᠡᠬᠦ ᠱᠤᠭᠤᠮ ᠵᠡᠷᠭᠡ ᠶᠢ ᠴᠦ ᠡᠪᠳᠡᠳᠡᠭ᠃ ᠶᠡᠭᠡ ᠴᠠᠰᠤ ᠤᠷᠤᠬᠤ ᠰᠡᠷᠡᠮᠵᠢ ᠶᠢᠨ ᠳᠣᠬᠢᠶ᠎ᠠ ᠶᠢ ᠳᠥᠷᠪᠡᠨ ᠳᠡᠰ ᠬᠤᠪᠢᠶᠠᠵᠤ᠂ | ᠳᠣᠤᠷ᠎ᠠ ᠠᠴᠠ ᠥᠨᠳᠥᠷ ᠳᠡᠰᠢ ᠲᠣᠰ ᠲᠣᠰ ᠬᠥᠬᠡ᠂ ᠰᠢᠷ᠎ᠠ᠂ ᠤᠯᠠᠪᠤᠷ᠂ ᠤᠯᠠᠭᠠᠨ ᠭᠡᠵᠦ ᠬᠤᠪᠢᠶᠠᠨ᠎ᠠ᠃ ᠬᠥᠬᠡ ᠥᠩᠭᠡ᠄ 12 ᠴᠠᠭ ᠤᠨ ᠳᠣᠲᠣᠷ᠎ᠠ | ᠴᠠᠰᠤᠨ ᠤ ᠬᠡᠮᠵᠢᠶ᠎ᠡ ᠨᠢ 4 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠶᠢ ᠨᠥᠯᠥᠭᠡᠯᠡᠵᠦ ᠮᠡᠳᠡᠨ᠎ᠡ᠃ ᠰᠢᠷ᠎ᠠ | ᠥᠩᠭᠡ᠄ 12 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 6 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠶᠢ | ᠨᠥᠯᠥᠭᠡᠯᠡᠵᠦ ᠮᠡᠳᠡᠨ᠎ᠡ᠃ ᠤᠯᠠᠪᠤᠷ ᠥᠩᠭᠡ᠄ 6 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 10 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ | ᠪᠤᠶᠤ ᠲᠠᠷᠢᠶᠠᠯᠠᠩ ᠮᠠᠯ ᠠᠵᠤ ᠠᠬᠤᠶ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ ᠮᠡᠳᠡᠨ᠎ᠡ᠃ ᠤᠯᠠᠭᠠᠨ ᠥᠩᠭᠡ᠄ 6 ᠴᠠᠭ ᠤᠨ ᠳᠣᠲᠣᠷ᠎ᠠ ᠴᠠᠰᠤᠨ ᠤ | ᠬᠡᠮᠵᠢᠶ᠎ᠡ ᠨᠢ 15 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ | ᠮᠡᠳᠡᠨ᠎ᠡ᠃ ᠶᠡᠭᠡ ᠴᠠᠰᠤ ᠣᠷᠣᠬᠤ ᠦᠶ᠎ᠡ ᠳᠤ ᠣᠯᠠᠨ ᠢᠶᠠᠷ ᠢᠶᠠᠨ ᠴᠢᠳᠠᠬᠤ ᠶᠢᠨ ᠬᠢᠷᠢ ᠪᠠᠷ ᠭᠠᠳᠠᠭᠰᠢ ᠪᠢᠲᠡᠭᠡᠶ ᠭᠠᠷᠤᠭᠠᠷᠠᠶ᠃ ᠬᠡᠷᠪᠡ ᠵᠠᠪᠠᠯ ᠭᠠᠳᠠᠭᠰᠢ ᠭᠠᠷᠬᠤ ᠳᠤ | ᠬᠦᠷᠪᠡᠯ ᠡᠷᠬᠡᠪᠰᠢ ᠬᠦᠢᠲᠡᠨ ᠠᠴᠠ ᠰᠡᠷᠭᠡᠶᠢᠯᠡᠬᠦ᠂ ᠭᠤᠯᠭᠤᠬᠤ ᠠᠴᠠ ᠰᠡᠷᠭᠡᠶᠢᠯᠡᠬᠦ ᠶᠢ ᠠᠩᠬᠠᠷᠴᠤ᠂ ᠵᠠᠮ ᠬᠠᠷᠢᠯᠴᠠᠭᠠᠨ ᠤ ᠰᠤᠷᠠᠭ ᠵᠠᠩᠭᠢ ᠶᠢ ᠠᠩᠬᠠᠷᠴᠤ᠂ | ᠲᠡᠷᠭᠡᠨ ᠤ ᠵᠠᠶ ᠶᠢ ᠨᠡᠮᠡᠭᠳᠡᠭᠦᠯᠵᠦ᠂ ᠬᠤᠷᠳᠤᠴᠠ ᠪᠠᠨ ᠤᠳᠠᠭᠠᠰᠢᠷᠠᠭᠤᠯᠤᠨ ᠠᠭᠠᠵᠢᠮ ᠶᠠᠪᠤᠬᠤ ᠬᠡᠷᠡᠭᠲᠡᠶ᠃ ᠬᠢᠩᠭᠠᠨ ᠠᠶᠢᠮᠠᠭ ᠤᠨ ᠴᠠᠭ ᠠᠭᠤᠷ ᠤᠨ ᠲᠣᠪᠴᠢᠶ᠎ᠠ | | |