ᠨᠢᠭᠡ᠂ ᠣᠷᠣᠨ ᠲᠣᠭᠠᠨ ᠤ ᠠᠬᠤᠢ ᠪᠠᠶᠢᠳᠠᠯ | ︽ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠪᠠ ᠬᠢᠨᠠᠯᠲᠠ ᠲᠠᠯᠪᠢᠨ ᠬᠡᠷᠡᠭᠵᠢᠭᠦᠯᠬᠦ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠭᠤᠣᠯ | ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠲᠥᠯᠦᠪᠵᠢᠭᠦᠯᠭᠡ᠂ ᠬᠤᠲᠠ ᠬᠥᠳᠡᠭᠡ ᠶᠢᠨ ᠲᠥᠯᠦᠪᠵᠢᠭᠦᠯᠭᠡ | ᠵᠡᠷᠭᠡ ᠣᠷᠣᠨ ᠵᠠᠢ ᠶᠢᠨ ᠲᠥᠯᠦᠪᠵᠢᠭᠦᠯᠭᠡ ᠶᠢᠨ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠶᠢ ᠪᠡᠶᠡᠯᠡᠭᠦᠯᠵᠦ᠂ ᠪᠥᠬᠦ ᠣᠷᠣᠨ ᠤ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠨᠤᠲᠤᠭ ᠳᠡᠪᠢᠰᠬᠡᠷ ᠦᠨᠣᠷᠣᠨ ᠵᠠᠢ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠮᠢᠨ ᠰᠤᠮᠤ ᠶᠢᠨ | ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠲᠤᠷᠠᠨ ︽ᠡᠸᠡᠩᠬᠢ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤᠨ ᠤ ᠢᠮᠢᠨ ᠰᠤᠮᠤ ᠶᠢᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021 ︱ 2035 ᠣᠨ︶︾ ︵ᠳᠣᠷᠣᠭᠰᠢ | ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃ | ᠬᠤᠶᠠᠷ᠂ ︽ᠲᠥᠯᠦᠪᠵᠢᠭᠦᠯᠭᠡ ︵ᠲᠥᠰᠥᠯ︶︾ ᠤᠨ ᠠᠭᠤᠯᠭ᠎ᠠ ᠬᠢᠭᠡᠳ ᠱᠠᠭᠠᠷᠳᠠᠯᠭ᠎ᠠ | ︽ᠲᠥᠯᠦᠪᠵᠢᠭᠦᠯᠭᠡ ︵ᠲᠥᠰᠥᠯ︶︾ ᠨᠢ ᠲᠥᠯᠦᠪᠵᠢᠭᠦᠯᠭᠡ ᠶᠢᠨ ᠶᠡᠷᠦᠩᠬᠡᠢ ᠳᠦᠷᠢᠮ᠂ ᠬᠠᠷᠠᠯᠲᠠ ᠶᠢᠨ ᠪᠠᠶᠢᠯᠳᠤᠬᠤ ᠪᠣᠳᠣᠯᠭ᠎ᠠ ᠶᠢ ᠲᠣᠳᠣᠷᠬᠠᠶᠢᠯᠠᠬᠤ᠂ | ᠣᠷᠣᠨ ᠵᠠᠢ ᠶᠢᠨ ᠪᠠᠶᠢᠷᠢᠰᠢᠯ ᠢ ᠪᠠᠶᠢᠭᠤᠯᠬᠤ᠂ ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠷᠠᠭᠤᠯᠬᠤ᠂ ᠰᠢᠶᠠᠩ ᠪᠠᠯᠭᠠᠰᠤᠨ ᠤ ᠲᠥᠯᠦᠪᠵᠢᠭᠦᠯᠭᠡ᠂ | ᠲᠥᠯᠦᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠦᠨ᠎ᠡ᠃ | ︵ᠨᠢᠭᠡ︶ ︽ᠲᠥᠯᠦᠪᠵᠢᠭᠦᠯᠭᠡ ᠶᠢᠨ ᠶᠡᠷᠦᠩᠬᠡᠢ ᠳᠦᠷᠢᠮ︾᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠬᠤᠣᠰ ᠵᠠᠭᠤᠨ ᠵᠢᠯ︾ ᠤᠨ | ᠲᠡᠮᠡᠴᠡᠯ ᠤᠨ ᠬᠠᠷᠠᠯᠲᠠ ᠳᠤ ᠬᠠᠨᠳᠤᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠪᠠ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠭᠤᠯᠠ ᠤᠰᠤ ᠣᠶ ᠰᠢᠭᠤᠢ | ᠲᠠᠷᠢᠶᠠᠨ ᠭᠠᠵᠠᠷ ᠨᠠᠭᠤᠷ ᠪᠦᠷᠢᠳᠦ ᠠᠮᠢ ᠨᠠᠰᠤᠨ ᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠦᠨᠡᠨᠬᠦ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ︽ᠬᠤᠶᠠᠷ ᠬᠠᠯᠬᠠᠪᠴᠢ︾ ᠶᠢ ᠨᠠᠩ ᠪᠠᠲᠤ ᠪᠠᠬᠢ ᠪᠣᠯᠭᠠᠬᠤ᠂ ︽ᠬᠤᠶᠠᠷ ᠰᠠᠭᠤᠷᠢᠨ ᠭᠠᠵᠠᠷ︾ ᠤᠨ ᠲᠤᠭ᠎ᠠ ᠬᠡᠮᠵᠢᠶ᠎ᠡ ᠶᠠᠰᠤ ᠴᠢᠨᠠᠷ ᠢ ᠳᠡᠭᠡᠭᠰᠢᠯᠡᠭᠦᠯᠬᠦ᠂ ︽ᠨᠢᠭᠡ | ᠪᠠᠬᠢᠯᠡᠯᠲᠡ︾ ᠶᠢᠨ ᠦᠢᠯᠡᠳᠦᠯ ᠢ ᠢᠯᠡᠷᠡᠭᠦᠯᠬᠦ ᠬᠠᠷᠠᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠎ᠠ᠃ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠤᠤᠱᠯᠠᠭᠤᠯᠵᠤ᠂ ᠢᠮᠢᠨ ᠰᠤᠮᠤ ᠶᠢᠨ ᠶᠡᠷᠦᠩᠬᠡᠶᠢᠯᠡᠭᠰᠡᠨ ᠣᠨᠴᠠᠯᠢᠭᠲᠤ ᠳᠠᠪᠠᠭᠤᠯᠢᠭ ᠢ | ᠭᠦᠢᠴᠡᠳ ᠠᠰᠢᠭᠯᠠᠨ᠂ ᠰᠢᠨ᠎ᠡ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠳᠣᠪᠤᠶᠢᠯᠭᠠᠨ᠎ᠠ᠃ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠰᠢᠰᠲ᠋ᠧᠮ ᠲᠠᠢ ᠪᠠᠷ ᠵᠠᠰᠠᠬᠤ᠂ ᠨᠤᠲᠤᠭ | ᠳᠡᠪᠢᠰᠬᠡᠷ ᠤᠨ ᠣᠷᠣᠨ ᠵᠠᠢ ᠶᠢ ᠬᠠᠮᠠᠭᠠᠯᠠᠬᠤ᠂ ᠨᠡᠭᠡᠭᠡᠨ ᠠᠰᠢᠭᠯᠠᠬᠤ᠂ ᠵᠠᠰᠠᠨ ᠰᠡᠷᠭᠦᠭᠡᠬᠦ ᠶᠢ ᠨᠢᠭᠡᠳᠦᠯᠲᠡᠢ ᠲᠥᠯᠥᠪᠯᠡᠵᠦ᠂ ᠨᠤᠲᠤᠭ ᠳᠡᠪᠢᠰᠬᠡᠷ ᠤᠨ ᠣᠷᠣᠨ | ᠵᠠᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠤᠲᠤᠭ ᠳᠡᠪᠢᠰᠬᠡᠷ ᠤᠨ ᠣᠷᠣᠨ ᠵᠠᠢ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ | ︵ᠬᠤᠶᠠᠷ︶ ︽ᠬᠠᠷᠠᠯᠲᠠ ᠶᠢᠨ ᠪᠠᠶᠢᠯᠳᠤᠬᠤ ᠪᠣᠳᠣᠯᠭ᠎ᠠ ᠶᠢ ᠲᠣᠳᠣᠷᠬᠠᠶᠢᠯᠠᠨ᠎ᠠ︾᠃ ᠢᠮᠢᠨ ᠰᠤᠮᠤ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ︽ᠬᠥᠯᠥᠨ | ᠪᠤᠶᠢᠷ ᠬᠤᠲᠠ ᠶᠢᠨ ᠠᠯᠠᠰᠢᠨ ᠦᠬᠡᠷ ᠬᠤᠨᠢ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ᠂ ᠡᠸᠡᠩᠬᠢ ᠠᠷᠠᠳ ᠤᠨ ᠵᠠᠩ | ᠦᠶᠯᠡ ᠶᠢᠨ ᠰᠣᠶᠣᠯ ᠢ ᠣᠶᠢᠯᠠᠭᠠᠬᠤ ᠭᠠᠵᠠᠷ᠂ ᠡᠸᠡᠩᠬᠢ ᠶᠢᠨ ᠵᠡᠭᠦᠨ ᠡᠮᠦᠨᠡᠲᠦ ᠬᠡᠰᠡᠭ ᠤᠨ ᠴᠢᠬᠤᠯᠠ ᠠᠮᠢ ᠠᠬᠤᠢ ᠶᠢᠨ ᠬᠠᠮᠠᠭᠠᠯᠠᠯᠲᠠ ᠶᠢᠨ ᠬᠠᠯᠬᠠᠪᠴᠢ︾ ᠭᠡᠵᠦ | ᠲᠣᠭᠲᠠᠭᠠᠵᠠᠢ᠃ 2035 ᠣᠨ ᠪᠣᠯᠬᠤ ᠳᠤ᠂ ᠬᠥᠯᠥᠨ ᠪᠤᠶᠢᠷ ᠬᠤᠲᠠ ᠶᠢᠨ ᠠᠯᠠᠰᠢᠨ ᠦᠬᠡᠷ ᠬᠤᠨᠢ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠵᠢᠱᠢᠶ᠎ᠡ | ᠦᠵᠡᠭᠦᠯᠬᠦ ᠣᠷᠣᠨ᠂ ᠡᠸᠡᠩᠬᠢ ᠠᠷᠠᠳ ᠤᠨ ᠵᠠᠩ ᠦᠶᠯᠡ ᠶᠢᠨ ᠰᠣᠶᠣᠯ ᠢ ᠣᠶᠢᠯᠠᠭᠠᠬᠤ ᠭᠠᠵᠠᠷ ᠢ ᠪᠣᠶ ᠪᠣᠯᠭᠠᠨ᠎ᠠ︔ ᠠᠯᠠᠰᠢᠨ ᠦᠬᠡᠷ ᠬᠤᠨᠢ ᠲᠡᠵᠢᠭᠡᠨ | ᠦᠷᠡᠵᠢᠭᠦᠯᠬᠦ ᠡᠭᠦᠯᠳᠡᠷ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠷᠣᠨ ᠪᠦᠰᠡ ᠶᠢᠨ ᠣᠨᠴᠠᠯᠢᠭ ᠢ ᠴᠢᠩᠭᠠᠷᠠᠭᠤᠯᠤᠨ᠂ ᠨᠠᠷᠠᠲᠤ ᠲᠥᠷᠥᠯ | ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠮᠵᠢ ᠢᠯᠡᠳᠲᠡ ᠪᠣᠯᠪᠠ︔ ᠣᠶ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠢ ᠴᠢᠨᠠᠷ ᠰᠠᠶᠢᠲᠠᠢ | ᠬᠥᠭᠵᠢᠭᠦᠯᠵᠦ᠂ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠎ᠠ︔ ᠵᠤᠭᠠᠴᠠᠯ ᠤᠨ ᠪᠦᠲᠦᠭᠡᠭᠳᠡᠬᠦᠨ ᠡᠯᠪᠡᠭ ᠪᠠᠶᠠᠯᠢᠭ ᠤᠯᠠᠨ | ᠡᠰᠢᠵᠢᠵᠦ᠂ ᠠᠷᠠᠳ ᠤᠨ ᠵᠠᠩ ᠦᠢᠯᠡ ᠶᠢᠨ ᠰᠣᠶᠣᠯ ᠢ ᠣᠶᠢᠯᠠᠭᠠᠬᠤ ᠠᠭᠤᠯᠭ᠎ᠠ ᠨᠡᠩ ᠲᠡᠭᠦᠯᠳᠡᠷᠵᠢᠪᠡ᠃ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ | ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠲᠠᠰᠤᠷᠠᠯᠲᠠ ᠦᠭᠡᠢ ᠵᠦᠢ ᠵᠣᠬᠢᠰᠲᠠᠢ ᠪᠣᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠬᠢᠵᠢᠭᠦᠯᠪᠡ︔ | ᠨᠤᠲᠤᠭ ᠳᠡᠪᠢᠰᠬᠡᠷ ᠤᠨ ᠣᠷᠣᠨ ᠵᠠᠢ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠣᠷᠣᠨ ᠵᠠᠢ ᠶᠢᠨ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠠᠮᠢᠳᠤᠷᠠᠯ ᠤᠨ ᠣᠷᠣᠨ ᠵᠠᠢ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠢ᠂ ᠰᠣᠶᠣᠯ ᠵᠢᠭᠤᠯᠴᠢᠯᠠᠯ ᠤᠨ ᠣᠷᠣᠨ ᠵᠠᠢ ᠶᠢᠨ ᠲᠠᠭᠠᠯᠠᠮᠵᠢᠲᠠᠢ ᠪᠥᠭᠡᠳ ᠥᠪᠡᠷᠮᠢᠴᠡ᠂ ᠬᠦᠴᠦᠨ ᠵᠦᠢᠯ ᠤᠨ ᠲᠣᠬᠢᠷᠠᠭᠤᠯᠤᠯᠲᠠ ᠨᠢ | ᠠᠮᠤᠷ ᠲᠦᠪᠰᠢᠨ ᠪᠥᠭᠡᠳ ᠪᠦᠷᠢᠨ ᠲᠡᠭᠦᠯᠳᠡᠷ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ︵ᠭᠤᠷᠪᠠ︶ ︽ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ︾᠃ ᠨᠢᠭᠡ ᠳᠤ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠦᠶᠡᠷ ᠤᠰᠤᠲᠤᠯ ᠤᠨ ᠲᠦᠭᠰᠢᠭᠦᠷᠢ ᠶᠢ ᠡᠵᠡᠮᠳᠡᠬᠦ ᠱᠤᠭᠤᠮ ᠵᠡᠷᠭᠡ ᠴᠢᠬᠤᠯᠠ ᠡᠵᠡᠮᠳᠡᠬᠦ ᠱᠤᠭᠤᠮ ᠢ | ᠨᠠᠶᠢᠳᠠᠪᠤᠷᠢᠵᠢᠭᠤᠯᠵᠤ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠠᠭ ᠬᠢᠵᠠᠭᠠᠷ ᠢ ᠵᠠᠭᠠᠭᠯᠠᠨ ᠲᠣᠭᠲᠠᠭᠠᠨ᠎ᠠ︔ ᠬᠤᠶᠠᠷ ᠲᠤ᠂ ᠣᠷᠣᠨ ᠪᠦᠰᠡ ᠶᠢᠨ | ᠵᠣᠬᠢᠴᠠᠭᠤᠯᠭ᠎ᠠ ᠶᠢ ᠴᠢᠩᠭᠠᠳᠬᠠᠵᠤ᠂ ᠬᠥᠯᠥᠨ ᠪᠤᠶᠢᠷ ᠬᠤᠳᠠ ᠶᠢᠨ ᠪᠦᠬᠦ ᠣᠷᠣᠨ ᠪᠦᠰᠡ ᠶᠢᠨ ᠬᠥᠭᠵᠢᠯᠲᠡ ᠳᠤ ᠠᠭᠤᠰᠤᠯᠴᠠᠨ᠎ᠠ︔ ᠪᠦᠬᠦ ᠣᠷᠣᠨ ᠪᠦᠰᠡ ᠶᠢᠨ | ᠠᠮᠢ ᠠᠬᠤᠢ ᠶᠢ ᠬᠠᠮᠲᠤ ᠪᠠᠷ ᠪᠠᠶᠢᠭᠤᠯᠵᠤ ᠬᠠᠮᠠᠭᠠᠯᠠᠬᠤ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ᠂ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ | ᠬᠥᠭᠵᠢᠭᠦᠯᠵᠦ ᠬᠠᠮᠠᠭᠠᠯᠠᠬᠤ ᠶᠡᠷᠦᠩᠬᠡᠢ ᠪᠠᠶᠢᠷᠢᠰᠢᠯ ᠢ ᠪᠠᠶᠢᠭᠤᠯᠤᠨ᠎ᠠ︔ ᠳᠥᠷᠪᠡ ᠳᠤ᠂ ᠪᠣᠬᠢᠷᠲᠤᠯ ᠦᠭᠡᠢ ᠠᠮᠢ ᠠᠬᠤᠢ ᠶᠢᠨ ᠣᠷᠣᠨ ᠵᠠᠢ ᠶᠢ ᠪᠠᠬᠢᠵᠢᠭᠦᠯᠦᠨ᠎ᠡ᠃ | ᠲᠠᠪᠤ ᠳᠤ ᠥᠨᠳᠥᠷ ᠪᠦᠲᠦᠮᠵᠢᠲᠡᠶ ᠲᠠᠷᠢᠶᠠᠯᠠᠩ ᠮᠠᠯ ᠠᠵᠤ ᠠᠬᠤᠢ ᠶᠢᠨ ᠣᠷᠣᠨ ᠵᠠᠢ ᠶᠢ ᠪᠠᠶᠢᠭᠤᠯᠤᠨ᠎ᠠ᠃ ᠵᠢᠷᠭᠤᠭ᠎ᠠ ᠳᠤ᠂ ᠪᠠᠯᠭᠠᠰᠤ ᠲᠣᠰᠬᠤᠨ ᠤ ᠰᠢᠰᠲ᠋ᠧᠮ ᠤᠨ | ᠪᠦᠲᠦᠴᠡ ᠶᠢ ᠰᠢᠯᠢᠳᠡᠭᠵᠢᠭᠦᠯᠵᠦ᠂ ᠰᠢᠶᠠᠩ ᠤᠨᠲ᠋ᠤᠭᠳᠠᠯᠴᠠᠭᠠ ᠪᠣᠰᠣ ᠪᠠᠯᠭᠠᠰᠤ ︱ ᠭᠤᠣᠯ ᠲᠣᠰᠬᠤᠨ ︱ ᠦᠨᠳᠦᠰᠦᠨ ᠱᠠᠲᠤᠨ ᠤ ᠲᠣᠰᠬᠤᠨ ᠤ ᠭᠤᠷᠪᠠᠨ | ᠳᠡᠰ ᠤᠨ ᠳᠡᠰ ᠤᠨ ᠰᠢᠰᠲ᠋ᠧᠮ ᠢ ᠲᠣᠭᠲᠠᠭᠠᠨ᠎ᠠ︔ ᠠᠶᠢᠯ ᠲᠣᠰᠬᠤᠨ ᠤ ᠲᠥᠷᠥᠯ ᠠᠩᠭᠢᠯᠠᠯ ᠢ ᠲᠣᠳᠣᠷᠬᠠᠶᠢᠯᠠᠨ᠎ᠠ᠃ ᠵᠢᠷᠭᠤᠭ᠎ᠠ ᠳᠤ᠂ ᠤᠯᠠᠨ ᠲᠡᠰ | ᠳᠠᠪᠬᠤᠷᠭ᠎ᠠ ᠶᠢᠨ ᠣᠨᠴᠠᠯᠢᠭᠲᠤ ᠠᠵᠤ ᠦᠢᠯᠡᠰ ᠤᠨ ᠣᠷᠣᠨ ᠵᠠᠢ ᠶᠢᠨ ᠪᠦᠲᠦᠴᠡ ᠶᠢ ᠪᠤᠢ ᠪᠤᠯᠭᠠᠨ᠎ᠠ᠃ | ︵ᠳᠥᠷᠪᠡ︶ ︽ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠷᠠᠭᠤᠯᠤᠨ᠎ᠠ︾᠃ ᠨᠢᠭᠡ ᠳᠤ ᠭᠠᠳᠠᠭᠠᠳᠤ ᠲᠠᠢ ᠬᠤᠯᠪᠣᠭᠠᠯᠠᠵᠤ ᠳᠣᠲᠣᠭᠠᠳᠤ ᠳᠠᠭᠠᠨ ᠰᠠᠭᠠᠳ | ᠦᠭᠡᠢ ᠨᠡᠪᠲᠡᠷᠡᠬᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢ ᠪᠠᠶᠢᠭᠤᠯᠵᠤ᠂ ᠭᠠᠳᠠᠭᠠᠳᠤ ᠳᠤ ᠬᠠᠨᠳᠤᠭᠤᠯᠤᠭᠰᠠᠨ ᠵᠠᠮ ᠬᠠᠷᠢᠯᠴᠠᠭᠠᠨ ᠤ | ᠲᠦᠭᠦᠭᠡᠷᠦᠮᠵᠢ ᠵᠢᠨᠨᠡᠪᠲᠡᠷᠡᠯᠭᠡ ᠶᠢ ᠴᠢᠩᠭᠠᠳᠬᠠᠨ᠂ ︽2111︾ ᠭᠠᠳᠠᠭᠠᠳᠤ ᠳᠤ ᠬᠠᠨᠳᠤᠭᠤᠯᠤᠭᠰᠠᠨ ᠵᠠᠮ ᠬᠠᠷᠢᠯᠴᠠᠭᠠᠨ ᠤ ᠨᠢᠷᠤᠭᠤᠪᠴᠢ ᠶᠢᠨ ᠲᠣᠣᠷ | ᠰᠦᠯᠵᠢᠶ᠎ᠡ ᠶᠢ ᠪᠣᠶ ᠪᠣᠯᠭᠠᠵᠤ᠂ ᠳᠣᠲᠣᠭᠠᠳᠤ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠰᠤᠮᠤ ᠶᠢᠨ ᠡᠯ᠎ᠡ ᠭᠠᠴᠠᠭ᠎ᠠ ᠶᠢᠨ | ᠬᠤᠭᠤᠷᠣᠨᠳᠣᠬᠢ ᠵᠠᠮ ᠨᠡᠪᠲᠡᠷᠡᠯᠴᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠤᠶᠠᠷ ᠲᠤ᠂ ︽ᠰᠢᠶᠠᠩ ᠤᠨ ᠲᠤᠭᠳᠠᠯᠴᠠᠭ᠎ᠠ ᠪᠣᠰᠣ ᠪᠠᠯᠭᠠᠰᠤ ︱ ᠲᠥᠪ ᠲᠣᠰᠬᠤᠨ ︱ ᠦᠨᠳᠦᠰᠦᠨ ᠱᠠᠲᠤᠨ ᠤ ᠲᠣᠰᠬᠤᠨ︾ ᠭᠤᠷᠪᠠᠨ | ᠱᠠᠲᠤᠨ ᠤ ᠬᠥᠳᠡᠭᠡ ᠲᠣᠰᠬᠤᠨ ᠤ ᠠᠮᠢᠳᠤᠷᠠᠯ ᠤᠨ ᠬᠦᠷᠢᠶ᠎ᠡ ᠶᠢ ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠵᠦᠢ ᠵᠣᠬᠢᠰᠲᠠᠢ | ᠲᠣᠬᠢᠷᠠᠭᠤᠯᠤᠨ᠎ᠠ᠃ ᠭᠤᠷᠪᠠ ᠳᠤ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠨ᠎ᠠ᠃ ᠳᠥᠷᠪᠡ ᠳᠤ᠂ ᠠᠮᠤᠷ ᠲᠦᠪᠰᠢᠨ ᠤᠶᠠᠨ | ᠬᠠᠳᠠᠨ ᠴᠢᠨᠠᠷᠲᠠᠢ ᠭᠠᠮᠰᠢᠭ ᠢ ᠰᠡᠷᠭᠡᠶᠢᠯᠡᠬᠦ ᠰᠢᠰᠲ᠋ᠧᠮ ᠢ ᠪᠠᠶᠢᠭᠤᠯᠤᠨ᠎ᠠ᠃ | ︵ᠲᠠᠪᠤ︶ ︽ᠰᠢᠶᠠᠩ ᠤᠨᠲ᠋ᠤᠭᠳᠠᠯᠴᠠᠭᠠ ᠪᠣᠰᠣ ᠪᠠᠯᠭᠠᠰᠤ ᠶᠢᠨ ᠲᠥᠯᠦᠪᠵᠢᠭᠦᠯᠭᠡ︾᠃ ᠨᠢᠭᠡ ᠳᠤ ᠴᠢᠳᠠᠮᠵᠢ ᠶᠢᠨ ᠪᠦᠲᠦᠴᠡ ᠪᠠ ᠬᠥᠭᠵᠢᠯᠲᠡ ᠶᠢᠨ ᠴᠢᠭᠯᠡᠯ ᠢ | ᠲᠣᠳᠣᠷᠬᠠᠢ ᠪᠣᠯᠭᠠᠨ᠎ᠠ᠃ ︽ᠨᠢᠭᠡ ᠲᠦᠪ ︱ ᠬᠤᠶᠠᠷ ᠭᠤᠣᠯᠯᠠᠯ ︱ ᠳᠥᠷᠪᠡᠨ ᠣᠷᠣᠨ︾ ᠤ ᠴᠢᠳᠠᠮᠵᠢ ᠶᠢᠨ ᠪᠦᠲᠦᠴᠡ ᠶᠢ ᠪᠠᠶᠢᠭᠤᠯᠬᠤ ᠬᠡᠷᠡᠭᠲᠡᠢ︔ | ᠴᠤᠭᠯᠠᠭ᠎ᠠ ᠪᠠᠯᠭᠠᠰᠤ ᠶᠢᠨ ᠲᠣᠭᠤᠷᠢᠭ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠲᠤᠭᠳᠠᠯᠴᠠᠭ᠎ᠠ ᠪᠣᠰᠣ ᠪᠠᠯᠭᠠᠰᠤ ᠶᠢᠨ ᠲᠣᠭᠤᠷᠢᠭ ᠤᠨ ᠳᠣᠲᠣᠭᠠᠳᠤ ᠶᠢᠨ | ᠦᠯᠡᠳᠡᠭᠡᠯ ᠣᠷᠣᠨ ᠵᠠᠢ ᠶᠢ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠨ᠎ᠠ᠃ ᠬᠤᠶᠠᠷ ᠲᠤ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠰᠢᠶᠠᠩ ᠤᠨᠲ᠋ᠤᠭᠳᠠᠯᠴᠠᠭᠠ ᠪᠣᠰᠣ ᠪᠠᠯᠭᠠᠰᠤ ᠶᠢᠨ 5 ︱ 15 ᠮᠢᠨᠦ᠋ᠲ ᠤᠨ ᠠᠮᠢᠳᠤᠷᠠᠯ ᠤᠨ ᠬᠦᠷᠢᠶ᠎ᠡ ᠶᠢ ᠪᠠᠶᠢᠭᠤᠯᠵᠤ᠂ ᠲᠡᠩᠴᠡᠭᠦᠷᠢᠲᠡᠢ | ᠪᠥᠭᠡᠳ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ᠭᠤᠷᠪᠠ ᠳᠤ᠂ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠲᠣᠬᠢᠷᠠᠭᠤᠯᠬᠤ ᠠᠵᠢᠯ ᠢ ᠠᠬᠢᠭᠤᠯᠬᠤ᠂ ᠠᠶᠢᠯ | ᠲᠣᠰᠬᠤᠨ ᠤ ᠳᠣᠲᠣᠭᠠᠳᠤ ᠶᠢᠨ ᠵᠠᠮ ᠪᠠ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠭᠤᠶᠣᠵᠢᠭᠤᠯᠬᠤ ᠬᠥᠳᠡᠭᠡ ᠲᠣᠰᠬᠤᠨ ᠤ ᠠᠮᠢᠳᠤᠷᠠᠯ ᠤᠨ ᠬᠤᠭ | ᠨᠣᠪᠰᠢ ᠶᠢ ᠵᠠᠰᠠᠬᠤ ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ | ︵ᠵᠢᠷᠭᠤᠭ᠎ᠠ︶ ︽ᠲᠥᠯᠦᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ︾᠃ ᠨᠢᠭᠡ ᠳᠤ ᠲᠥᠯᠦᠪᠵᠢᠭᠦᠯᠭᠡ ᠶᠢᠨ ᠳᠠᠮᠵᠢᠭᠤᠯᠤᠯᠲᠠ ᠶᠢ ᠬᠡᠷᠡᠭᠵᠢᠭᠦᠯᠦᠨ᠎ᠡ᠃ ︽ | ᠶᠡᠷᠦᠩᠬᠡᠢ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ᠂ ᠪᠥᠬᠦ ᠴᠠᠷᠠᠭ᠎ᠠ ᠶᠢ ᠬᠠᠮᠤᠷᠠᠭᠤᠯᠬᠤ᠂ ᠲᠥᠷᠥᠯ ᠬᠤᠪᠢᠶᠠᠨ ᠳᠠᠮᠵᠢᠭᠤᠯᠬᠤ᠂ ᠱᠠᠲᠤ ᠳᠠᠷᠠᠭᠠᠯᠠᠨ | ᠨᠠᠷᠢᠯᠢᠭᠵᠢᠭᠤᠯᠬᠤ᠂ ᠨᠢᠭᠡᠴᠡ ᠪᠠᠷ ᠨᠢᠭᠡᠳᠦᠯᠲᠡᠢ ᠲᠥᠯᠥᠪᠯᠡᠬᠦ᠂ ᠬᠠᠮᠵᠢᠯᠴᠠᠨ ᠬᠠᠮᠲᠤᠪᠠᠷ ᠵᠠᠰᠠᠬᠤ︾ ᠲᠥᠯᠦᠪᠵᠢᠭᠦᠯᠭᠡ ᠶᠢᠨ ᠳᠠᠮᠵᠢᠭᠤᠯᠬᠤ ᠰᠢᠰᠲ᠋ᠧᠮᠵᠢ ᠶᠢ | ᠪᠠᠶᠢᠭᠤᠯᠤᠨ᠎ᠠ᠃ ᠳᠡᠭᠡᠳᠦ ᠪᠠᠶᠢᠷᠢ ᠶᠢᠨ ᠲᠥᠯᠦᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠷᠢᠨ ᠨᠢᠭᠲᠠ ᠲᠥᠯᠦᠪᠵᠢᠭᠦᠯᠭᠡ᠂ ᠲᠤᠰᠬᠠᠢ | ᠲᠦᠷᠦᠯ ᠤᠨ ᠲᠥᠯᠦᠪᠵᠢᠭᠦᠯᠭᠡ ᠶᠢᠨ ᠳᠠᠮᠵᠢᠭᠤᠯᠬᠤ ᠠᠭᠤᠯᠭ᠎ᠠ ᠶᠢ ᠲᠣᠳᠣᠷᠬᠠᠶᠢᠯᠠᠨ᠎ᠠ᠃ ᠬᠤᠶᠠᠷ ᠲᠤ ᠪᠠᠲᠤᠯᠠᠭ᠎ᠠ ᠶᠢ ᠬᠡᠷᠡᠭᠵᠢᠭᠦᠯᠦᠨ᠎ᠡ᠃ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠨ᠎ᠠ︔ ᠬᠢᠨᠠᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠴᠢᠩᠳᠠᠯᠠᠨ᠎ᠠ︔ ᠤᠯᠠᠨ ᠨᠡᠶᠢᠲᠡ ᠶᠢᠨ ᠤᠷᠤᠯᠴᠠᠯᠭ᠎ᠠ ᠶᠢ | ᠨᠠᠶᠢᠳᠠᠪᠤᠷᠢᠵᠢᠭᠤᠯᠤᠨ᠎ᠠ ᠃ |