ᠡᠨᠡ ᠵᠢᠯ ᠤᠨ 2 ᠰᠠᠷ᠎ᠠ ᠳᠤ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠮᠡᠳᠡᠭᠳᠡᠯ | ᠪᠠᠭᠤᠯᠭᠠᠵᠤ᠂ ᠣᠶᠢᠷ᠎ᠠ ᠳᠤ ᠮᠠᠨ ᠤ ᠤᠯᠤᠰ ᠤᠨ ᠬᠡᠰᠡᠭ ᠭᠠᠵᠠᠷ ᠣᠷᠣᠨ ᠳᠤ ᠶᠢᠦ ᠮᠸᠢ ᠱᠠ ᠹᠧᠨ ᠲᠠᠩ ᠨᠠᠶᠢᠷᠠᠯᠭ᠎ᠠ ᠲᠠᠢ ᠤᠤᠭᠤᠬᠤ ᠡᠮ ᠵᠡᠷᠭᠡ ᠲᠠᠪᠤᠨ | ᠲᠥᠷᠥᠯ ᠤᠨ ᠡᠮ ᠢ ᠳᠤᠷ᠎ᠠ ᠪᠠᠷ ᠢᠶᠠᠨ ᠬᠡᠷᠡᠭᠯᠡᠬᠦ ᠠᠰᠠᠭᠤᠳᠠᠯ ᠭᠠᠷᠤᠭᠰᠠᠨ ᠪᠥᠭᠡᠳ ᠳᠤᠷ᠎ᠠ ᠪᠠᠷ ᠢᠶᠠᠨ ᠬᠡᠷᠡᠭᠯᠡᠵᠦ ᠪᠠᠶᠢᠭ᠎ᠠ ᠬᠥᠮᠦᠰ ᠨᠢ ᠵᠠᠯᠠᠭᠤᠴᠤᠳ | ᠪᠠᠭᠠᠴᠤᠳ ᠢᠶᠠᠷ ᠭᠤᠤᠯᠯᠠᠵᠤ ᠪᠤᠢ᠃ ᠮᠡᠳᠡᠭᠳᠡᠯ ᠳᠤ ᠡᠮ ᠲᠠᠩ ᠢ ᠦᠢᠯᠡᠳᠪᠦᠷᠢᠯᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠵᠦ᠂ ᠡᠮ ᠲᠠᠩ ᠤᠨ ᠡᠵᠡᠩᠨᠡᠯᠲᠡ ᠶᠢᠨ | ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠢᠯᠡᠭᠡᠨ ᠶᠠᠪᠤᠭᠤᠯᠬᠤ ᠠᠷᠭ᠎ᠠ ᠵᠠᠮ ᠢ ᠪᠠᠶᠢᠴᠠᠭᠠᠨ ᠰᠢᠯᠭᠠᠬᠤ ᠶᠢ ᠴᠢᠩᠭᠠᠳᠬᠠᠬᠤ ᠵᠡᠷᠭᠡ | ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠢᠯᠡ ᠨᠡᠶᠢᠳᠡᠯᠡᠭᠰᠡᠨ ᠮᠠᠲ᠋ᠧᠷᠢᠶᠠᠯ ᠢ ᠦᠨᠳᠦᠰᠦᠯᠡᠪᠡᠯ᠂ ᠳᠡᠭᠡᠷ᠎ᠡ ᠳᠤᠷᠠᠳᠤᠭᠰᠠᠨ ᠡᠮ ᠨᠢ ᠴᠥᠮ ᠵᠣᠷ ᠤᠨ ᠡᠮ ᠳᠤ | ᠲᠣᠭᠠᠴᠠᠭᠳᠠᠬᠤ ᠪᠦᠭᠡᠳ ᠬᠡᠲᠦᠷᠡᠲᠡᠯ᠎ᠡ ᠬᠡᠷᠡᠭᠯᠡᠪᠡᠯ ᠰᠢᠨᠤᠯ ᠲᠠᠢ ᠪᠤᠯᠤᠨ᠎ᠠ᠂ ᠣᠶᠢᠷ᠎ᠠ ᠶᠢᠨ ᠵᠢᠯ ᠳᠤ ᠡᠶᠢᠮᠦ ᠡᠮ ᠢ ᠳᠤᠷ᠎ᠠ ᠪᠠᠷ ᠢᠶᠠᠨ ᠬᠡᠷᠡᠭᠯᠡᠵᠦ ᠪᠠᠶᠢᠭ᠎ᠠ ᠪᠠᠶᠢᠳᠠᠯ | ᠪᠠᠶᠢᠨ ᠳᠠᠬᠢᠨ ᠭᠠᠷᠴᠤ ᠪᠠᠶᠢᠨ᠎ᠠ᠃ | ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠬᠡᠳᠦ᠋ᠢᠪᠡᠷ ᠵᠣᠷ ᠤᠨ ᠡᠮ ᠳᠤ ᠤᠷᠤᠭᠤᠯᠤᠬᠰᠠᠨ | ᠪᠣᠯᠪᠠᠴᠤ ᠣᠳᠣᠬᠠᠨ ᠳᠤ ᠵᠠᠷᠢᠮ ᠬᠥᠮᠦᠨ ᠮᠥᠨ ᠯᠡ ᠡᠮ ᠤᠨ ᠳᠡᠯᠭᠡᠭᠦᠷ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠶᠢᠦ ᠮᠧᠶ ᠱᠠ ᠹᠧᠨ ᠢ ᠬᠤᠳᠠᠯᠳᠤᠨ ᠠᠪᠴᠤ | ᠪᠤᠢ᠃ ᠰᠦᠯᠵᠢᠶ᠎ᠡ ᠪᠠᠷ ᠳᠠᠮᠵᠢᠭᠤᠯᠤᠨ᠂ ᠰᠢᠨᠤᠯ ᠤᠨ ᠴᠢᠨᠠᠷᠲᠠᠶ ᠵᠣᠷ ᠤᠨ ᠡᠮ ᠢ ᠬᠤᠳᠠᠯᠳᠤᠬᠤ ᠮᠠᠶᠢᠮᠠᠶ ᠨᠢ ᠨᠢᠭᠡᠨᠲᠡ ᠨᠢᠭᠡᠨ ᠠᠵᠤ ᠦᠢᠯᠡᠰ ᠤᠨ ᠬᠡᠯᠬᠢᠶ᠎ᠡ ᠪᠣᠯᠵᠣ | ᠪᠦᠷᠢᠯᠳᠦᠭᠰᠡᠨ ᠪᠥᠭᠡᠳ ᠵᠠᠯᠠᠭᠤ ᠪᠠᠭᠠᠴᠤᠳ ᠢ ᠥᠳᠥᠭᠡᠨ ᠲᠠᠲᠠᠵᠤ ᠡᠮ ᠬᠤᠳᠠᠯᠳᠤᠨ ᠠᠪᠤᠭᠤᠯᠵᠦ ᠪᠠᠶᠢᠭ᠎ᠠ ᠡᠮ ᠤᠨ ᠫᠠᠨᠽᠠᠴᠢᠨ ᠴᠤ ᠡᠭᠦᠨ ᠤ ᠲᠤᠳᠤᠷ᠎ᠠ | ᠨᠢᠭᠤᠭᠳᠠᠵᠤ ᠪᠠᠶᠢᠨ᠎ᠠ᠃ | ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠᠭᠠᠶ ᠡᠮ ᠲᠠᠩ ᠤᠨ ᠪᠠᠶᠢᠴᠠᠭᠠᠯᠲᠠ ᠶᠢᠨ ᠲᠥᠪ ᠤᠨ ᠲᠤᠰᠬᠠᠶ | ᠮᠡᠷᠭᠡᠵᠢᠯᠲᠡᠨ᠂ ᠪᠡᠭᠡᠵᠢᠩ ᠤᠨ ᠳᠡᠭᠡᠳᠦ ᠰᠢᠨ᠎ᠡ ᠮᠡᠷᠭᠡᠵᠢᠯ ᠤᠨ ᠡᠮᠨᠡᠯᠭᠡ ᠶᠢᠨ ᠬᠤᠷᠢᠶᠠᠨ ᠤ ᠬᠤᠤᠷ ᠲᠠᠲᠠᠬᠤ ᠶᠢ ᠵᠣᠭᠰᠣᠭᠠᠬᠤ ᠰᠠᠯᠠᠭᠠᠨ ᠤ ᠡᠷᠬᠢᠯᠡᠭᠴᠢ ᠰᠢᠤᠢ ᠵᠢᠶᠧ | ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠬᠢᠨ ᠳᠤ ᠬᠡᠯᠡᠬᠦ ᠳᠡᠭᠡᠨ᠂ 2016 ᠣᠨ ᠤ 11 ᠰᠠᠷ᠎ᠠ ᠠᠴᠠ ᠡᠬᠢᠯᠡᠨ᠂ ᠲᠡᠭᠦᠨ ᠤ ᠠᠵᠢᠯᠯᠠᠵᠤ ᠪᠠᠶᠢᠭ᠎ᠠ | ᠰᠠᠯᠠᠭ᠎ᠠ ᠲᠠᠰᠤᠭ ᠲᠤ ᠶᠢᠦ ᠮᠧᠶ ᠱᠠ ᠹᠧᠨ ᠤ ᠰᠢᠨᠤᠯ ᠲᠠᠢ ᠪᠤᠯᠤᠬᠰᠠᠨ ᠡᠪᠡᠳᠴᠢᠲᠡᠨ ᠵᠠᠯᠭᠠᠭ᠎ᠠ ᠪᠠᠷ ᠢᠷᠡᠵᠦ᠂ ᠲᠡᠭᠦᠨ ᠠᠴᠠ ᠬᠤᠶᠢᠰᠢ ᠵᠢᠯ ᠳᠠᠷᠠᠭᠠᠯᠠᠨ ᠨᠡᠮᠡᠭᠳᠡᠵᠦ᠂ | 2021 ᠣᠨ ᠪᠤᠯᠬᠤ ᠳᠤ 400 ᠬᠥᠮᠦᠨ ᠢ ᠳᠠᠪᠠᠵᠤ᠂ ᠵᠠᠯᠠᠭᠤᠴᠤᠳ ᠪᠠᠭᠠᠴᠤᠳ ᠣᠯᠠᠩᠬᠢ ᠲᠤᠭ᠎ᠠ ᠶᠢ ᠡᠵᠡᠯᠡᠵᠦ ᠪᠤᠢ ᠬᠡᠪᠡ᠃ | | | | |