11 ᠰᠠᠷ᠎ᠠ ᠶᠢᠨ 29 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ | ᠬᠤᠷᠢᠶᠠᠨ ᠤ ᠨᠠᠢᠮᠠᠳᠤᠭᠠᠷ ᠡᠭᠡᠯᠵᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠬᠤᠭᠤᠯᠠ ᠤᠮᠳᠠ ᠶᠢᠨ ᠵᠠᠷᠤᠳᠠᠯ ᠤᠨ | ᠬᠠᠮᠢᠶᠠᠷᠤᠯᠲᠠ ᠶᠢᠨ ᠲᠤᠰᠬᠠᠢ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠂ ᠬᠤᠰᠢᠭᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠨ ᡁᠢ ᠪᠢᠨ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ | | | | | | ᠬᠤᠷᠠᠯ ᠳᠡᠭᠡᠷ᠎ᠡ᠂ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠢ | ᠲᠣᠭᠲᠠᠭᠠᠯ ᠢ ᠨᠡᠶᠢᠲᠡᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠥᠷᠨᠢᠭᠦᠯᠬᠦ ᠶᠢᠨ ᠴᠢᠬᠤᠯᠠ | ᠴᠢᠨᠠᠷ ᠢ ᠭᠦᠢᠴᠡᠳ ᠲᠠᠨᠢᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠡᠭᠦᠷᠭᠡ ᠴᠢᠳᠠᠪᠤᠷᠢ ᠶᠢᠨ ᠣᠨᠴᠠᠯᠢᠭ ᠢ ᠣᠨᠣᠪᠴᠢᠲᠠᠶ ᠡᠵᠡᠮᠰᠢᠵᠦ᠂ ᠠᠰᠠᠭᠤᠳᠠᠯ ᠢ | ᠣᠨᠣᠪᠴᠢᠲᠠᠶ ᠢᠯᠡᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ | ᠠᠮᠤᠷ ᠲᠦᠪᠰᠢᠨ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠭᠰᠠᠨ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠢᠴᠢ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠤᠨ ᠠᠵᠢᠯ ᠬᠢᠵᠦ ᠪᠠᠶᠢᠭ᠎ᠠ ᠪᠠᠶᠢᠳᠠᠯ ᠢ ᠴᠢᠩᠭ᠎ᠠ | ᠠᠩᠬᠠᠷᠴᠤ᠂ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ | ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ | ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠬᠤᠭᠤᠯᠠ ᠤᠮᠳᠠ ᠶᠢᠨ ᠵᠠᠷᠤᠳᠠᠯ ᠤᠨ ᠠᠮᠤᠷ ᠲᠦᠪᠰᠢᠨ ᠢ ᠡᠷᠡᠰ ᠴᠢᠩᠭ᠎ᠠ ᠰᠠᠬᠢᠨ | ᠬᠠᠮᠠᠭᠠᠯᠠᠵᠤ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ |