11 ᠰᠠᠷ᠎ᠠ ᠶᠢᠨ 28 ᠤ ᠡᠳᠦᠷ᠂ ᠬᠥᠯᠥᠨ ᠪᠤᠶᠢᠷ ᠬᠤᠲᠠ ᠶᠢᠨ ᠪᠣᠭᠤᠮᠲᠠ ᠶᠢᠨ ᠠᠵᠢᠯ ᠢ ᠠᠬᠢᠭᠤᠯᠬᠤ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢ ᠪᠠᠶᠢᠭᠤᠯᠬᠤ ᠲᠤᠰᠬᠠᠢ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠵᠦ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨᠲ᠋ᠠᠷᠤᠭᠠ ᠯᠦ ᠴᠣᠸᠠᠨ ᠱᠧᠨ᠂ ᠬᠥᠯᠥᠨ ᠪᠤᠶᠢᠷ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠬᠢᠭᠡᠳ | ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | | | | ᠬᠤᠷᠠᠯ ᠳᠡᠭᠡᠷ᠎ᠡ᠂ ᠯᠦ ᠴᠤᠸᠠᠨ ᠱᠧᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ | ᠠᠯᠬᠤᠮ ᠤᠨ ᠠᠵᠢᠯ ᠤᠨ ᠰᠡᠳᠬᠢᠮᠵᠢ ᠪᠠᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠬᠠᠷᠢᠭᠤ ᠮᠡᠳᠡᠭᠦᠯᠵᠦ᠂ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠠᠴᠠ | ᠬᠠᠷᠢᠭᠤ ᠮᠡᠳᠡᠭᠦᠯᠦᠯᠲᠡ ᠶᠢᠨ ᠶᠠᠷᠢᠶ᠎ᠠ ᠲᠠᠯᠪᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯ ᠭᠠᠳᠠᠭᠠᠳᠤ | ᠠᠷᠠᠯᠵᠢᠶᠠᠨ ᠤ ᠬᠥᠭᠵᠢᠯᠲᠡ ᠶᠢᠨ ᠲᠠᠯ᠎ᠠ ᠪᠠᠷ ᠨᠡᠯᠢᠶᠡᠳ ᠰᠠᠶᠢᠨ ᠰᠠᠭᠤᠷᠢ ᠲᠠᠢ ᠪᠠᠶᠢᠵᠤ᠂ ᠠᠵᠤ ᠠᠬᠤᠶᠢᠯᠠᠯ ᠳᠤ ᠰᠢᠯᠢᠳᠡᠭ ᠦᠢᠯᠡᠴᠢᠯᠡᠭᠡ ᠬᠠᠩᠭᠠᠵᠤ ᠴᠢᠳᠠᠬᠤ | ᠤᠴᠢᠷ ᠠᠴᠠ ᠠᠵᠤ ᠦᠢᠯᠡᠰ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ᠂ ᠠᠵᠤ ᠦᠢᠯᠡᠰ ᠤᠨ | ᠬᠡᠯᠬᠢᠶ᠎ᠡ ᠪᠠᠨ ᠭᠦᠨᠵᠡᠭᠡᠶᠢᠷᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠥᠯᠥᠨ ᠪᠤᠶᠢᠷ ᠬᠤᠲᠠ ᠶᠢᠨ ᠪᠣᠭᠤᠮᠲᠠ ᠶᠢᠨ ᠠᠵᠢᠯ ᠢ ᠲᠦᠯᠬᠢᠨ | ᠠᠬᠢᠭᠤᠯᠬᠤ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠭᠡᠨ ᠪᠠᠶᠢᠭᠤᠯᠬᠤ ᠳᠤ | ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ | ᠯᠦ ᠴᠤᠸᠠᠨ ᠱᠧᠨ ᠢᠯᠡᠷᠬᠡᠶᠢᠯᠡᠬᠦ ᠳᠡᠭᠡᠨ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠢᠨ ᠬᠥᠭᠵᠢᠯᠲᠡ ᠶᠢᠨ ᠰᠡᠳᠬᠢᠴᠡ ᠪᠠᠨ ᠤᠯᠠᠮ | ᠨᠢᠭᠡ ᠠᠯᠬᠤᠮ ᠲᠣᠳᠣᠷᠬᠠᠢ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ | ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢᠶᠠᠨ ᠰᠢᠰᠲ᠋ᠧᠮ ᠲᠠᠢ ᠳᠡᠭᠡᠭᠰᠢᠯᠡᠭᠦᠯᠵᠦ᠂ ᠥᠷᠥᠴᠡ ᠭᠠᠵᠠᠷ ᠪᠠ ᠪᠣᠭᠤᠮᠲᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠨ᠂ ᠤᠮᠠᠷᠠᠰᠢ ᠨᠡᠭᠡᠭᠡᠯᠲᠡ ᠬᠢᠬᠦ ᠠᠵᠢᠯ ᠤᠨ ᠶᠡᠭᠡ ᠲᠠᠯ᠎ᠠ ᠳᠤ ᠬᠠᠮᠲᠤ ᠪᠠᠷ ᠦᠢᠯᠡᠴᠢᠯᠡᠬᠦ ᠪᠠ ᠠᠭᠤᠰᠤᠯᠴᠠᠵᠤ᠂ ᠠᠵᠤ ᠠᠬᠤᠢ ᠶᠢᠨ | ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦ ᠪᠠᠨ ᠬᠠᠮᠲᠤᠳᠬᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢᠶᠠᠨ ᠶᠣᠰᠣᠴᠢᠯᠠᠨ | ᠭᠦᠢᠴᠡᠳᠭᠡᠬᠦ ᠬᠡᠷᠡᠭᠲᠡᠢ ᠭᠡᠪᠡ᠃ |