12 ᠰᠠᠷ᠎ᠠ ᠶᠢᠨ 18 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ᠂ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠸᠠᠩ ᠸᠠᠩ ᠱᠧᠩ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠠᠢ᠃ | | | | | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠯᠥᠨ ᠪᠤᠶᠢᠷ ᠤᠨ ᠴᠡᠷᠢᠭ ᠤᠨ ᠬᠤᠪᠢᠶᠠᠷᠢ ᠲᠣᠭᠤᠷᠢᠭ ᠤᠨ | ᠠᠬᠠᠯᠠᠬᠤ ᠬᠤᠷᠠᠩᠳᠠ ᠤᠯᠤᠰ ᠲᠥᠷᠥ ᠶᠢᠨ ᠭᠡᠰᠢᠭᠦᠨ ᠵᠦ ᠳ᠋ᠧ ᠪᠢᠨ ᠪᠥᠬᠦ ᠬᠤᠲᠠ ᠶᠢᠨ ᠵᠡᠪᠰᠡᠭᠲᠦ ᠬᠦᠴᠦᠨ ᠤ ᠠᠵᠢᠯ ᠢ ᠬᠠᠮᠢᠶᠠᠷᠴᠤ ᠪᠠᠶᠢᠭ᠎ᠠ ᠪᠠᠶᠢᠳᠠᠯ ᠢ | ᠦᠨᠡᠯᠡᠪᠡ᠃ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠲᠤᠬᠠᠢ ᠶᠢᠨ | ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠬᠦ ᠪᠤᠶᠤ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃ | | | | | | | | | | | ᠬᠤᠷᠠᠯ ᠠᠴᠠ᠂ ᠡᠨᠡ ᠵᠢᠯ ᠠᠴᠠ ᠨᠠᠰᠢ᠂ ᠪᠦᠬᠦ ᠬᠤᠳᠠ ᠶᠢᠨ ᠴᠡᠷᠢᠭ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠠᠶᠢᠨ ᠳᠤ ᠪᠡᠯᠡᠳᠬᠡᠵᠦ ᠲᠠᠶᠢᠨ ᠬᠢᠬᠦ ᠪᠠᠷ ᠭᠤᠣᠯ ᠪᠣᠯᠭᠠᠭᠰᠠᠨ ᠡᠯ᠎ᠡ ᠵᠦᠢᠯ ᠤᠨ | ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠣᠯᠪᠠᠰᠤᠷᠠᠭᠤᠯᠵᠤ ᠲᠠᠶᠢᠨ ᠳᠤ | ᠪᠡᠯᠡᠳᠬᠡᠬᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠲᠣᠪᠣᠶᠢᠮ᠎ᠠ ᠪᠦᠲᠦᠮᠵᠢᠲᠡᠢ ᠠᠵᠢᠯ ᠬᠢᠵᠡᠢ᠃ ᠬᠤᠲᠠ ᠳᠤ ᠰᠠᠭᠤᠭ᠎ᠠ ᠴᠡᠷᠢᠭ | ᠴᠠᠭᠳᠠᠭ᠎ᠠ ᠶᠢᠨ ᠴᠡᠷᠢᠭ ᠠᠩᠭᠢ ᠪᠣᠯᠣᠨ ᠥᠷᠭᠡᠨ ᠣᠯᠠᠨ ᠳᠠᠷᠤᠭ᠎ᠠ ᠪᠠᠶᠢᠯᠳᠤᠭᠴᠢᠳ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ | ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠰᠠᠭᠤᠭ᠎ᠠ ᠭᠠᠵᠠᠷ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ ᠬᠦᠴᠦᠲᠡᠢ ᠬᠠᠮᠠᠭᠠᠯᠠᠪᠠ᠃ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠭᠦᠨᠵᠡᠭᠡᠢ | ᠡᠵᠡᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠴᠡᠷᠢᠭ ᠠᠷᠠᠳ ᠢ | ᠠᠭᠤᠰᠤᠯᠴᠠᠭᠤᠯᠬᠤ ᠪᠦᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠳᠦᠷᠢᠮ | ᠲᠣᠭᠲᠠᠴᠠ ᠶᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠬᠤᠳᠠ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠳᠦᠷᠢᠮᠵᠢᠭᠦᠯᠦᠨ | ᠵᠢᠷᠤᠮᠵᠢᠭᠤᠯᠬᠤ ᠴᠠᠭ ᠦᠶᠡᠴᠢᠯᠡᠬᠦ ᠶᠢ ᠠᠬᠢᠭᠤᠯᠬᠤ ᠬᠡᠷᠡᠭᠲᠡᠢ᠃ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠵᠦ ᠲᠠᠶᠢᠨ ᠬᠢᠬᠦ ᠶᠢ ᠴᠢᠩᠭ᠎ᠠ ᠠᠩᠬᠠᠷᠴᠤ᠂ | ᠪᠠᠶᠢᠯᠳᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ | ᠡᠷᠦᠭᠡ ᠶᠢᠨ ᠴᠡᠷᠢᠭ ᠤᠨ ᠡᠩᠨᠡᠭᠡ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠵᠠᠰᠠᠯᠲᠠ ᠶᠢᠨ ᠬᠦᠴᠦᠷᠬᠡᠭ ᠶᠡᠭᠡ | ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢᠶᠠᠨ ᠬᠦᠴᠦᠷᠬᠡᠭᠵᠢᠭᠦᠯᠵᠦ | ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ︽ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠬᠦ ᠲᠠᠢ ᠤᠶᠠᠯᠳᠤᠭᠤᠯᠵᠤ᠂ ᠬᠢᠯᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠪᠣᠳᠠᠲᠠᠢ ᠠᠳᠬᠤᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ | ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠬᠤᠶᠠᠷ ᠢ | ᠬᠦᠷᠢᠶᠡᠯᠡᠬᠦ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠬᠢᠵᠦ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ | ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | |