ᠪᠠᠶᠠᠨᠲᠤᠬᠠᠢ ᠪᠠᠯᠭᠠᠰᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/5
       ᠪᠥᠬᠦ ᠪᠠᠯᠭᠠᠰᠤᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 3 ᠤ ᠡᠳᠦᠷ᠂ ᠪᠠᠶᠠᠨᠲᠤᠬᠠᠢ ᠪᠠᠯᠭᠠᠰᠤᠨ ᠤ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠠᠴᠠ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠬᠤᠷᠠᠯ ᠬᠤᠷᠠᠯᠳᠣᠪᠠ᠃       ᠬᠤᠷᠠᠯ ᠠᠴᠠ ᠡᠨᠡ ᠵᠢᠯ ᠠᠴᠠ ᠨᠠᠰᠢᠬᠢ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ᠂  ᠤᠷᠣᠰᠢᠵᠦ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠳᠤ ᠭᠦᠨᠵᠡᠭᠡᠢ ᠵᠠᠳᠠᠯᠤᠯᠲᠠ ᠬᠢᠵᠦ ᠰᠤᠳᠤᠯᠤᠨ ᠶᠠᠷᠢᠯᠴᠠᠭᠰᠠᠨ ᠪᠥᠭᠡᠳ ᠰᠢᠢᠳᠪᠦᠷᠢᠯᠡᠬᠦ ᠠᠷᠭ᠎ᠠ ᠶᠢ ᠳᠤᠷᠠᠳᠴᠠᠢ᠃ ᠬᠤᠷᠠᠯ ᠠᠴᠠ ᠳᠠᠷᠠᠭᠠᠴᠢ ᠶᠢᠨ ᠠᠯᠬᠤᠮ ᠤᠨ ᠠᠵᠤ ᠠᠬᠤᠶᠢᠯᠠᠯ ᠤᠨ ᠡᠪᠯᠡᠯ ᠪᠠᠶᠢᠭᠤᠯᠬᠤ᠂ ᠰᠢᠨ᠎ᠡ ᠠᠵᠢᠯ ᠣᠯᠭᠤᠯᠲᠠ ᠶᠢᠨ ᠪᠠᠶᠢᠳᠠᠯ ᠤᠨ ᠬᠥᠳᠡᠯᠮᠦᠷᠢᠴᠢᠳ ᠢ ᠡᠪᠯᠡᠯ ᠳᠤ ᠡᠯᠰᠡᠬᠦ᠂ ᠪᠠᠶᠢᠭᠤᠯᠤᠯᠭ᠎ᠠ ᠪᠣᠯᠣᠨ ᠠᠵᠢᠯ ᠦᠢᠯᠡᠰ ᠤᠨ ᠨᠢᠭᠡᠴᠡ ᠶᠢᠨ ᠠᠵᠢᠯᠴᠢᠨ ᠤ ᠡᠪᠯᠡᠯ ᠤᠨ ᠠᠵᠢᠯ ᠪᠣᠯᠣᠨ ᠨᠡᠶᠢᠭᠡᠮ ᠲᠣᠭᠤᠷᠢᠭ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ᠂ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠴᠢᠩᠭᠠᠳᠬᠠᠵᠤ᠂ ᠤᠳᠤᠷᠢᠳᠤᠯᠭ᠎ᠠ ᠪᠠᠨ ᠴᠢᠩᠳᠠᠯᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯᠴᠢᠨ ᠤ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠣᠬᠠᠮᠰᠠᠷ᠂ ᠶᠠᠭᠠᠷᠠᠪᠴᠢᠯᠠᠬᠤ ᠣᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠵᠤ ᠪᠣᠳᠠᠲᠤ ᠪᠠᠶᠢᠳᠠᠯ ᠢ ᠣᠶᠢᠯᠠᠭᠠᠬᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠲᠦᠷᠭᠡᠨ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ ᠢᠳᠡᠪᠬᠢᠵᠢᠭᠦᠯᠬᠦ ᠪᠠᠷ ᠳᠠᠮᠵᠢᠭᠤᠯᠤᠨ᠂ ᠡᠯ᠎ᠡ ᠳᠦᠷᠦᠯ ᠤᠨ ᠠᠵᠢᠯ ᠢᠶᠠᠨ ᠴᠢᠨᠠᠷ ᠰᠠᠶᠢᠲᠠᠢ᠂ ᠪᠦᠲᠦᠭᠡᠯᠴᠢ ᠪᠠᠷ ᠥᠷᠨᠢᠭᠦᠯᠵᠦ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠪᠠᠶᠢᠭᠤᠯᠬᠤ᠂ ᠠᠵᠢᠯᠯᠠᠭᠤᠯᠬᠤ᠂  ᠢᠳᠡᠪᠬᠢᠵᠢᠭᠦᠯᠬᠦ ᠶᠢ ᠠᠬᠢᠭᠤᠯᠬᠤ ᠬᠡᠷᠡᠭᠲᠡᠢ᠃ 
20241205-1.png
  
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ