ᠬᠡᠷᠡᠭ ᠢᠶᠠᠷ ᠬᠠᠤᠯᠢ ᠶᠠᠷᠢᠶ᠎ᠠ 8|ᠰᠦᠯᠵᠢᠶᠡᠴᠢᠳ ᠢ ᠬᠥᠳᠡᠯᠭᠡᠵᠦ᠂ ︽ᠮᠢᠬᠠᠴᠢᠯᠠᠨ ᠬᠠᠶᠢᠬᠤ︾ ᠠᠷᠭ᠎ᠠ ᠪᠠᠷ ᠬᠤᠯᠠᠭᠠᠶᠢᠴᠢ ᠶᠢ ᠪᠠᠷᠢᠵᠤ ᠪᠣᠯᠣᠨ᠎ᠠ ᠦᠦ︖
ᠨᠡᠶᠢᠲᠡᠯᠡᠭᠰᠡᠨ ᠴᠠᠭ᠄
2024/12/5
      ᠬᠡᠷᠡᠭ ᠤᠨ ᠵᠢᠱᠢᠶ᠎ᠡ           ᠰᠢᠶᠣᠣ ᠯᠢᠦ ᠨᠢᠭᠡ ᠬᠤᠳᠠᠯᠳᠤᠭᠠᠨ ᠤ ᠲᠠᠯᠠᠪᠤᠷ ᠲᠤ ᠭᠠᠷ ᠤᠲᠠᠰᠤ ᠪᠠᠨ ᠭᠡᠭᠡᠪᠡ᠂ ᠰᠢᠶᠣᠣ ᠯᠢᠦ ᠳᠡᠯᠭᠡᠭᠦᠷ ᠤᠨ ᠯᠠᠩᠭᠦᠢ ᠳᠤ ᠨᠡᠯᠢᠶᠡᠳ ᠤᠷᠳᠤ ᠬᠤᠭᠤᠴᠠᠭ᠎ᠠ  ᠰᠠᠭᠤᠭᠰᠠᠨ ᠰᠢᠶᠣᠣ ᠸᠠᠩ ᠥᠪᠡᠷ ᠤᠨ ᠭᠠᠷ ᠤᠲᠠᠰᠤ ᠶᠢ ᠨᠢ ᠬᠤᠯᠠᠭᠠᠶᠢᠯᠠᠭᠰᠠᠨ ᠭᠡᠵᠦ ᠰᠡᠵᠢᠭᠯᠡᠪᠡ᠂ ᠭᠡᠪᠡᠴᠦ ᠪᠠᠲᠤᠲᠠᠢ ᠭᠡᠷᠡᠴᠢ ᠦᠭᠡᠢ᠃ ᠨᠠᠶᠢᠵᠠ ᠰᠢᠶᠣᠣ ᠯᠢ ᠨᠢ  ᠰᠦᠯᠵᠢᠶᠡᠨ ᠳᠡᠭᠡᠷ᠎ᠡ ᠰᠢᠶᠣᠣ ᠸᠠᠩ ᠤᠨ ᠭᠡᠷᠡᠯ ᠵᠢᠷᠤᠭ ᠪᠠ ᠭᠠᠷ ᠤᠲᠠᠰᠤ ᠪᠠᠨ ᠭᠡᠭᠡᠭᠰᠡᠨ ᠪᠠᠶᠢᠳᠠᠯ ᠤᠨ ᠲᠤᠬᠠᠢ ᠦᠰᠦᠭ ᠪᠢᠴᠢᠭ ᠤᠨ ᠮᠡᠳᠡᠭᠡ ᠵᠠᠩᠭᠢ ᠵᠡᠷᠭᠡ ᠶᠢ  ᠨᠡᠶᠢᠲᠡᠯᠡᠵᠦ᠂ ᠰᠦᠯᠵᠢᠶᠡᠴᠢᠳ ᠢ ᠬᠥᠳᠡᠯᠭᠡᠨ ᠬᠠᠮᠲᠤ ᠪᠠᠷ ᠭᠠᠷ ᠤᠲᠠᠰᠤ ᠶᠢ ᠨᠢ ᠡᠷᠢᠬᠦ ᠰᠠᠨᠠᠯ ᠭᠠᠷᠭᠠᠵᠤ ᠥᠭᠪᠡ᠃ ᠰᠢᠶᠣᠣ ᠯᠢᠦ ︽ᠮᠢᠬᠠᠴᠢᠯᠠᠨ ᠬᠠᠶᠢᠬᠤ︾  ᠠᠷᠭ᠎ᠠ ᠪᠠᠷ ᠰᠢᠶᠣᠣ ᠸᠠᠩ ᠢ ᠡᠷᠢᠵᠦ ᠪᠣᠯᠣᠨ᠎ᠠ ᠦᠦ︖            ᠬᠡᠷᠡᠭ ᠢᠶᠠᠷ ᠬᠠᠤᠯᠢ ᠶᠠᠷᠢᠶ᠎ᠠ           ᠪᠣᠯᠬᠤ ᠦᠭᠡᠢ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠨᠢ᠂ ᠪᠠᠶᠢᠭᠠᠯᠢ ᠬᠥᠮᠥᠨ ᠤ ᠬᠤᠪᠢ ᠬᠥᠮᠥᠨ ᠤ  ᠮᠡᠳᠡᠭᠡ ᠵᠠᠩᠭᠢ ᠶᠢ ᠬᠠᠤᠯᠢ ᠴᠠᠭᠠᠵᠠ ᠪᠠᠷ ᠬᠠᠮᠠᠭᠠᠯᠠᠨ᠎ᠠ ; ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠪᠤᠰᠤᠳ ᠤᠨ ᠬᠤᠪᠢ ᠶᠢᠨ ᠮᠡᠳᠡᠭᠡ ᠵᠠᠩᠭᠢ ᠶᠢ  ᠣᠯᠬᠤ ᠴᠢᠬᠤᠯᠠᠲᠠᠢ ᠪᠣᠯ᠂ ᠬᠠᠤᠯᠢ ᠶᠣᠰᠣᠭᠠᠷ ᠣᠯᠬᠤ ᠬᠡᠷᠡᠭᠲᠡᠢ ᠪᠥᠭᠡᠳ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠂ ᠪᠤᠰᠤᠳ ᠤᠨ  ᠬᠤᠪᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠵᠤ᠂ ᠬᠡᠷᠡᠭᠯᠡᠵᠦ᠂ ᠨᠠᠶᠢᠷᠠᠭᠤᠯᠵᠤ᠂ ᠳᠠᠮᠵᠢᠭᠤᠯᠵᠤ ᠪᠣᠯᠬᠤ ᠦᠭᠡᠢ᠂ ᠪᠤᠰᠤᠳ ᠤᠨ ᠬᠤᠪᠢ ᠶᠢᠨ ᠮᠡᠳᠡᠭᠡ  ᠵᠠᠩᠭᠢ ᠶᠢ ᠬᠠᠤᠯᠢ ᠪᠤᠰᠤ ᠪᠠᠷ ᠬᠤᠳᠠᠯᠳᠤᠭᠠᠯᠠᠬᠤ᠂ ᠬᠠᠩᠭᠠᠬᠤ ᠪᠤᠶᠤ ᠢᠯᠡ ᠪᠣᠯᠭᠠᠵᠤ ᠪᠣᠯᠬᠤ ᠦᠭᠡᠢ᠃  
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ