ᠬᠡᠷᠡᠭ ᠢᠶᠠᠷ ᠬᠠᠤᠯᠢ ᠶᠠᠷᠢᠶ᠎ᠠ 9|ᠡᠶᠢᠮᠦ ᠪᠠᠶᠢᠳᠠᠯ ᠳᠤ ᠵᠣᠭᠤᠰ ᠵᠢᠭᠡᠯᠡᠭᠡᠳ ᠪᠤᠴᠠᠭᠠᠬᠤ ᠦᠭᠡᠢ ᠪᠠᠶᠢᠵᠤ ᠪᠣᠯᠣᠨ᠎ᠠ ᠦᠦ︖
ᠨᠡᠶᠢᠲᠡᠯᠡᠭᠰᠡᠨ ᠴᠠᠭ᠄
2024/12/5
    ᠬᠡᠷᠡᠭ ᠤᠨ ᠵᠢᠱᠢᠶ᠎ᠡ           2017 ᠣᠨ ᠤ 1 ᠰᠠᠷ᠎ᠠ ᠳᠤ᠂ ᠰᠢᠶᠣᠣ ᠮᠢᠩ ᠭᠤᠸᠠᠢ ᠰᠢᠶᠣᠣ ᠸᠠᠩ ᠠᠴᠠ 3 ᠲᠦᠮᠡᠨ ᠲᠥᠭᠦᠷᠢᠭ ᠵᠢᠭᠡᠯᠡᠪᠡ᠂ ᠰᠢᠶᠣᠣ ᠮᠢᠩ ᠵᠢᠭᠡᠯᠡᠭᠰᠡᠨ ᠪᠠᠷᠢᠮᠲᠠ  ᠭᠠᠷᠭᠠᠵᠤ ᠥᠭᠭᠦᠭᠰᠡᠨ ᠪᠥᠭᠡᠳ 2018 ᠣᠨ ᠤ 1 ᠰᠠᠷ᠎ᠠ ᠳᠤ ᠵᠢᠭᠡᠯᠡᠭᠰᠡᠨ ᠵᠣᠭᠤᠰ ᠢᠶᠠᠨ ᠪᠤᠴᠠᠭᠠᠬᠤ ᠪᠠᠷ ᠪᠣᠯᠵᠣᠨ ᠲᠣᠭᠲᠠᠵᠠᠢ᠃ ᠵᠢᠭᠡᠯᠡᠭᠰᠡᠨ ᠵᠣᠭᠤᠰ ᠤᠨ  ᠲᠥᠯᠥᠬᠦ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠰᠢᠶᠣᠣ ᠮᠢᠩ ᠢᠶᠠᠷ ᠵᠣᠭᠤᠰ ᠢᠶᠠᠨ ᠪᠤᠴᠠᠭᠠᠯᠭᠠᠬᠤ ᠪᠠᠷ ᠰᠢᠶᠣᠣ ᠸᠠᠩ ᠣᠯᠠᠨᠲᠠ ᠱᠠᠭᠠᠷᠳᠠᠭᠰᠠᠨ ᠪᠣᠯᠪᠠᠴᠤ  ᠰᠢᠶᠣᠣ ᠮᠢᠩ ᠪᠤᠴᠠᠭᠠᠭᠰᠠᠨ ᠦᠭᠡᠢ᠃ 2020 ᠣᠨ ᠤ 6 ᠰᠠᠷ᠎ᠠ ᠳᠤ᠂ ᠰᠢᠶᠣᠣ ᠸᠠᠩ ᠳᠠᠬᠢᠨᠲᠠ ᠰᠢᠶᠣᠣ ᠮᠢᠩ ᠢᠶᠠᠷ ᠵᠣᠭᠤᠰ ᠢᠶᠠᠨ ᠪᠤᠴᠠᠭᠠᠯᠭᠠᠬᠤ ᠪᠠᠷ  ᠱᠠᠭᠠᠷᠳᠠᠭᠰᠠᠨ ᠳᠤ᠂ ᠰᠢᠶᠣᠣ ᠮᠢᠩ ᠬᠠᠷᠢᠨ ᠪᠤᠴᠠᠭᠠᠬᠤ ᠦᠭᠡᠢ ᠭᠡᠵᠦ᠂ ᠡᠨᠡ ᠬᠦ ᠵᠢᠭᠡᠯᠡᠭᠰᠡᠨ ᠵᠣᠭᠤᠰ ᠨᠢᠭᠡᠨᠲᠡ 3 ᠵᠢᠯ ᠥᠩᠭᠡᠷᠡᠪᠡ᠂ ᠰᠢᠭᠦᠬᠦ ᠬᠤᠷᠢᠶᠠᠨ ᠳᠤ  ᠵᠠᠭᠠᠯᠳᠤᠭᠰᠠᠨ ᠴᠤ ᠵᠠᠷᠭᠤ ᠶᠢᠨ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ᠭᠡᠵᠦ ᠮᠠᠷᠭᠤᠨ ᠬᠡᠯᠡᠵᠡᠢ᠃ ᠰᠢᠶᠣᠣ ᠮᠢᠩ ᠡᠨᠡ ᠵᠢᠭᠡᠯᠡᠯᠭᠡ ᠶᠢ ᠪᠤᠴᠠᠭᠠᠬᠤ ᠦᠭᠡᠢ  ᠪᠠᠶᠢᠵᠤ ᠪᠣᠯᠣᠨ᠎ᠠ ᠦᠦ︖          ᠬᠡᠷᠡᠭ ᠢᠶᠠᠷ ᠬᠠᠤᠯᠢ ᠶᠠᠷᠢᠶ᠎ᠠ         ᠪᠣᠯᠬᠤ ᠦᠭᠡᠢ᠃ ᠬᠡᠳᠦᠶᠢᠪᠡᠷ ᠢᠷᠭᠡᠨ ᠤ ᠬᠠᠤᠯᠢ ᠶᠢᠨ ᠪᠢᠴᠢᠭ ᠤᠨ ᠵᠠᠭᠤ ᠨᠠᠶᠠᠨ ᠨᠠᠢᠮᠠᠳᠤᠭᠠᠷ ᠵᠦᠢᠯ ᠳᠤ᠂ ᠠᠷᠠᠳ ᠤᠨ ᠰᠢᠭᠦᠬᠦ ᠬᠤᠷᠢᠶ᠎ᠠ ᠳᠤ ᠢᠷᠭᠡᠨ ᠤ  ᠬᠡᠷᠡᠭ ᠤᠨ ᠡᠷᠬᠡ ᠪᠠᠨ ᠬᠠᠮᠠᠭᠠᠯᠠᠭᠤᠯᠬᠤ ᠪᠠᠷ ᠭᠤᠶᠤᠴᠢᠯᠠᠬᠤ ᠵᠠᠷᠭᠤ ᠶᠢᠨ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ ᠭᠡᠵᠦ ᠲᠣᠭᠲᠠᠭᠠᠭᠰᠠᠨ ᠪᠣᠯᠪᠠᠴᠤ  ᠠᠪᠴᠠᠭᠠᠲᠠᠨ ᠨᠢ ᠵᠠᠷᠭᠤ ᠶᠢᠨ ᠬᠦᠴᠦᠨ ᠲᠠᠢ ᠬᠤᠭᠤᠴᠠᠭᠠᠨ ᠳᠤ ᠥᠭᠴᠡᠭᠡᠲᠡᠨ ᠳᠤ ᠡᠷᠬᠡ ᠪᠠᠨ ᠵᠣᠷᠢᠵᠤ ᠥᠩᠭᠡᠷᠡᠭᠰᠡᠨ ᠪᠠᠶᠢᠪᠠᠯ᠂ ᠵᠠᠷᠭᠤ ᠶᠢᠨ ᠬᠦᠴᠦᠨ ᠲᠠᠢ  ᠬᠤᠭᠤᠴᠠᠭ᠎ᠠ ᠨᠢ ᠳᠠᠷᠤᠢ ᠲᠠᠰᠤᠯᠳᠠᠭᠰᠠᠨ ᠦᠷ᠎ᠡ ᠳ᠋ᠦᠩ ᠭᠠᠷᠴᠤ᠂ ᠭᠤᠷᠪᠠᠨ ᠵᠢᠯ ᠤᠨ ᠵᠠᠷᠭᠤ ᠶᠢᠨ ᠬᠦᠴᠦᠨ ᠲᠠᠢ ᠬᠤᠭᠤᠴᠠᠭ᠎ᠠ ᠶᠢ ᠲᠠᠬᠢᠵᠤ ᠪᠤᠳᠤᠨ᠎ᠠ᠃ ᠭᠡᠪᠡᠴᠦ  ᠡᠷᠬᠡ ᠨᠢ ᠬᠤᠬᠢᠷᠠᠯ ᠳᠤ ᠤᠴᠠᠷᠠᠭᠰᠠᠨ ᠡᠳᠦᠷ ᠠᠴᠠ ᠡᠬᠢᠯᠡᠨ ᠬᠤᠷᠢᠨ ᠵᠢᠯ ᠬᠡᠲᠦᠷᠡᠭᠰᠡᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠬᠠᠮᠠᠭᠠᠯᠠᠬᠤ ᠦᠭᠡᠢ᠂ ᠣᠨᠴᠠᠭᠠᠢ  ᠪᠠᠶᠢᠳᠠᠯ ᠲᠠᠢ ᠪᠣᠯ᠂ ᠠᠷᠠᠳ ᠤᠨ ᠰᠢᠭᠦᠬᠦ ᠬᠤᠷᠢᠶ᠎ᠠ ᠡᠷᠬᠡᠲᠦ ᠬᠥᠮᠥᠨ ᠤ ᠭᠤᠶᠤᠴᠢᠯᠠᠯ ᠢ ᠦᠨᠳᠦᠰᠦᠯᠡᠨ ᠤᠷᠲᠤᠳᠬᠠᠬᠤ ᠪᠠᠷ ᠲᠣᠭᠲᠠᠭᠠᠵᠤ ᠪᠣᠯᠣᠨ᠎ᠠ᠃ 
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ