ᠡᠳᠦᠷ ᠲᠤᠲᠤᠮ ᠤᠨ ᠠᠮᠢᠳᠤᠷᠠᠯ ᠳᠤᠮᠳᠠ ᠪᠢᠳᠡ ᠮᠠᠰᠢ ᠣᠯᠠᠨ ︽ᠥᠯᠥᠨ︾ ᠴᠡᠭᠡᠷ ᠢ ᠣᠯᠵᠤ ᠰᠣᠨᠣᠰᠳᠠᠭ᠃ ᠥᠯᠥᠨ ᠢᠶᠠᠷ ᠥᠳᠬᠡᠨ ᠴᠠᠢ ᠶᠡᠭᠡ ᠤᠤᠭᠤᠬᠤ | ᠪᠤᠶᠤ ᠺᠣᠹᠧ ᠬᠡᠲᠦᠷᠬᠡᠢ ᠠᠷᠪᠢᠨ ᠤᠤᠭᠤᠪᠠᠯ᠂ ᠵᠢᠷᠦᠬᠡᠨ ᠴᠣᠬᠢᠯᠭ᠎ᠠ ᠲᠦᠷᠭᠡᠰᠴᠦ᠂ ᠴᠡᠭᠡᠵᠢ ᠪᠠᠭᠲᠠᠷᠠᠬᠤ᠂ ᠵᠢᠷᠦᠬᠡ ᠲᠦᠭᠰᠢᠬᠦ ᠵᠡᠷᠭᠡ ᠡᠪ ᠦᠭᠡᠢ ᠪᠠᠶᠢᠳᠠᠯ ᠢ ᠪᠣᠶ | ᠪᠣᠯᠭᠠᠵᠤ ᠮᠡᠳᠡᠨ᠎ᠡ︔ ᠥᠯᠥᠨ ᠢᠶᠠᠷ ᠠᠷᠢᠬᠢ ᠤᠤᠭᠤᠪᠠᠯ ᠠᠮᠠᠷᠬᠠᠨ ᠴᠢᠰᠤᠨ ᠰᠢᠬᠢᠷ ᠳᠣᠣᠷ᠎ᠠ ᠪᠣᠯᠵᠤ᠂ ᠲᠣᠯᠣᠭᠠᠢ ᠡᠷᠭᠢᠬᠦ᠂ ᠬᠦᠢᠲᠡᠨ ᠬᠥᠯᠥᠰᠦ ᠭᠠᠷᠬᠤ ᠵᠡᠷᠭᠡ ᠡᠪ | ᠦᠭᠡᠢ ᠰᠢᠨᠵᠢ ᠲᠡᠮᠳᠡᠭ ᠢᠯᠡᠷᠡᠨ᠎ᠡ᠃ | ᠥᠯᠥᠨ ᠢᠶᠠᠷ ᠰᠠᠷᠢᠮᠰᠠᠭ ᠪᠠ ᠬᠦᠢᠲᠡᠨ ᠢᠳᠡᠭᠡᠨ ᠢᠳᠡᠬᠦ ᠦᠭᠡᠢ ᠪᠣᠯ ᠰᠠᠶᠢᠨ᠃ ᠲᠡᠷᠡ ᠨᠢ ᠬᠤᠳᠣᠭᠤᠳᠤ ᠭᠡᠳᠡᠰᠦᠨ ᠳᠤ ᠰᠡᠳᠦᠯᠲᠡ ᠥᠭᠴᠦ᠂ | ᠤᠳᠠᠭᠠᠨ ᠳᠠᠭᠠᠨ ᠬᠤᠳᠣᠭᠤᠳᠤ ᠭᠡᠳᠡᠰᠦᠨ ᠤ ᠡᠪᠡᠳᠴᠢᠨ ᠢ ᠡᠭᠦᠰᠬᠡᠳᠡᠭ᠃ ᠬᠤᠳᠣᠭᠤᠳᠤ ᠭᠡᠨᠡᠳᠲᠡ ᠬᠦᠢᠲᠡᠨ ᠪᠣᠯᠬᠤ ᠨᠢ ᠵᠢᠷᠦᠬᠡᠨ ᠳᠤ ᠰᠡᠳᠦᠯᠲᠡ ᠥᠭᠴᠦ | ᠮᠡᠳᠡᠨ᠎ᠡ᠃ ᠡᠶᠢᠮᠦ ᠠᠴᠠ ᠬᠦᠢᠲᠡᠨ ᠤᠮᠳᠠᠭᠠᠨ ᠢ ᠬᠠᠮᠤᠭ ᠰᠠᠶᠢᠨ ᠨᠢ ᠬᠤᠶᠠᠷ ᠬᠤᠭᠤᠯᠠᠨ ᠤ ᠳᠤᠮᠳᠠ ᠤᠤᠭᠤᠨ᠎ᠠ᠂ ᠥᠯᠥᠨ ᠦᠶ᠎ᠡ ᠳᠤ᠂ ᠴᠠᠳᠲᠠᠯ᠎ᠠ ᠢᠳᠡᠭᠰᠡᠨ ᠤ | ᠳᠠᠷᠠᠭ᠎ᠠ ᠪᠠ ᠶᠡᠭᠡ ᠬᠥᠯᠥᠰᠦ ᠭᠠᠷᠬᠤ ᠦᠶ᠎ᠡ ᠳᠤ ᠪᠦᠷ ᠤᠤᠭᠤᠵᠤ ᠪᠣᠯᠬᠤ ᠦᠭᠡᠢ᠃ | ᠥᠯᠥᠨ ᠢᠶᠠᠷ ᠲᠥᠪᠡᠳ ᠬᠠᠰᠢ ᠢᠳᠡᠵᠦ ᠪᠣᠯᠣᠨ᠎ᠠ᠃ ᠲᠦᠭᠦᠬᠡᠢ ᠲᠥᠪᠡᠳ ᠬᠠᠰᠢ ᠢᠳᠡᠬᠦ ᠦᠭᠡᠢ ᠪᠤᠶᠤ ᠡᠰᠡᠬᠦᠯ᠎ᠡ ᠨᠢᠭᠡ ᠯᠡ ᠳᠡᠭᠡᠷ᠎ᠡ ᠠᠷᠪᠢᠨ ᠢᠳᠡᠬᠦ ᠦᠭᠡᠢ | ᠪᠣᠯ ᠵᠣᠪᠠᠭᠤ ᠬᠡᠷᠡᠭ ᠦᠭᠡᠢ᠃ ᠭᠡᠪᠡᠴᠦ ᠬᠤᠳᠣᠭᠤᠳᠤ ᠭᠡᠳᠡᠰᠦᠨ ᠤ ᠠᠵᠢᠯᠯᠠᠭ᠎ᠠ ᠮᠠᠭᠤ ᠵᠠᠷᠢᠮ ᠬᠥᠮᠥᠰ᠂ ᠵᠢᠱᠢᠶᠡᠯᠡᠪᠡᠯ ᠥᠲᠡᠯᠦᠭᠡ ᠬᠥᠮᠥᠰ ᠥᠯᠥᠨ ᠢᠶᠠᠷ ᠲᠥᠪᠡᠳ | ᠬᠠᠰᠢ ᠶᠢ ᠠᠷᠪᠢᠨ ᠢᠳᠡᠵᠦ ᠪᠣᠯᠬᠤ ᠦᠭᠡᠢ᠃ | ᠶᠡᠭᠡ ᠥᠯᠥᠰᠥᠭᠡᠳ ᠬᠤᠭᠤᠯᠠ ᠢᠳᠡᠬᠦ ᠳᠤ ᠪᠠᠰᠠ ᠡᠮᠦᠨ᠎ᠡ ᠬᠤᠶᠢᠨ᠎ᠠ ᠳᠡᠰ ᠳᠠᠷᠠᠭ᠎ᠠ ᠲᠠᠢ ᠪᠠᠶᠢᠪᠠᠯ ᠵᠣᠬᠢᠨ᠎ᠠ᠃ ᠤᠷᠢᠳ ᠢᠶᠠᠷ ᠨᠣᠭᠤᠭ᠎ᠠ ᠵᠠᠭᠤᠰᠢ ᠢᠳᠡᠵᠦ᠂ | ᠳᠠᠷᠠᠭ᠎ᠠ ᠨᠢ ᠮᠢᠬ᠎ᠠ ᠵᠡᠷᠭᠡ ᠤᠭᠤᠷᠠᠭ ᠲᠠᠢ ᠵᠦᠢᠯᠡᠰ ᠢᠳᠡᠨ᠎ᠡ᠃ ᠬᠡᠷᠪᠡ ᠡᠬᠢᠯᠡᠩᠭᠦᠲᠡ ᠮᠠᠰᠢ ᠣᠯᠠᠨ ᠲᠤᠲᠤᠷᠭᠠᠨ ᠭᠤᠯᠢᠷ ᠤᠨ ᠴᠠᠷᠳᠠᠭᠤᠯ ᠤᠨ ᠲᠥᠷᠥᠯ ᠤᠨ | ᠢᠳᠡᠭᠡᠨ ᠢ ᠢᠳᠡᠪᠡᠯ ᠪᠠᠰᠠ ᠠᠮᠠᠷᠬᠠᠨ ᠴᠢᠰᠤᠨ ᠰᠢᠬᠢᠷ ᠢ ᠲᠦᠷᠭᠡᠨ ᠳᠡᠭᠡᠭᠰᠢᠯᠡᠭᠦᠯᠵᠦ᠂ ᠪᠡᠶ᠎ᠡ ᠶᠢᠨ ᠳᠣᠲᠣᠭᠠᠳᠤ ᠶᠢᠨ ᠨᠣᠶᠢᠷ ᠤᠨ ᠠᠷᠠᠯ ᠳᠤ ᠰᠡᠳᠦᠯᠲᠡ ᠥᠭᠭᠦᠨ᠎ᠡ᠃ | ᠬᠠᠮᠤᠭ ᠰᠡᠭᠦᠯ ᠳᠤ ᠵᠢᠮᠢᠰ ᠢᠳᠡᠪᠡᠯ ᠵᠣᠬᠢᠨ᠎ᠠ᠂ ᠤᠴᠢᠷ ᠨᠢ ᠵᠢᠮᠢᠰ ᠤᠨ ᠰᠢᠬᠢᠷᠯᠢᠭ ᠤᠨ ᠬᠡᠮᠵᠢᠶ᠎ᠡ ᠶᠡᠭᠡ ᠮᠥᠷᠲᠡᠭᠡᠨ ᠪᠦᠷ ᠠᠮᠠᠷᠬᠠᠨ ᠰᠢᠩᠭᠡᠭᠡᠳᠡᠭ᠂ ᠬᠡᠷᠪᠡ | ᠥᠯᠥᠨ ᠢᠶᠠᠷ ᠢᠳᠡᠪᠡᠯ ᠴᠢᠰᠤᠨ ᠰᠢᠬᠢᠷ ᠢ ᠪᠠᠰᠠ ᠠᠮᠠᠷᠬᠠᠨ ᠨᠡᠮᠡᠭᠳᠡᠭᠦᠯᠦᠨ᠎ᠡ᠃ ᠰᠢᠬᠢᠷᠯᠢᠭ ᠢᠳᠡᠭᠡᠨ ᠠᠴᠠ ᠬᠠᠮᠤᠭ ᠰᠠᠶᠢᠨ ᠨᠢ ᠬᠤᠯᠠᠬᠠᠨ ᠪᠤᠢ᠂ ᠬᠡᠷᠪᠡ ᠢᠳᠡᠶᠡᠭᠡᠪᠡᠯ | ᠬᠤᠭᠤᠯᠠᠨ ᠤ ᠲᠠᠷᠠᠭ᠎ᠠ ᠢᠳᠡᠭᠡᠷᠡᠢ᠃ | | | |